ᠾᠧ ᠬᠠᠢ ᠳ᠋ᠦᠩ ᠬᠤᠷᠠᠯ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠥ︶ 12 ᠳ᠋ᠤᠭᠠᠷ ᠰᠠᠷ᠎ᠠ ᠶᠢᠨ 20 ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ | 2024 ᠣᠨ ᠤ 14 ᠳ᠋ᠤᠭᠡᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 14 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ | ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠲᠤᠭᠤᠰᠢᠯᠠᠭᠤᠯᠤᠨ ᠬᠡᠷᠡᠭᠵᠢᠭᠦᠯᠬᠦ ᠲᠥᠰᠦᠯ ᠤᠨ ᠵᠣᠷᠢᠭ ᠰᠠᠨᠠᠭ᠎ᠠ ᠪᠣᠯᠤᠨ ᠪᠦᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2024 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯᠤᠨ ᠬᠤᠳᠠ ᠶᠢᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠤ 2024 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ | ᠬᠤᠣᠰ ᠬᠠᠷᠢᠭᠤᠴᠠᠯᠭ᠎ᠠ︾ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠡᠷᠭᠢᠯᠡᠪᠡ᠃ | ᠬᠤᠷᠠᠯ ᠠᠴᠠ ᠱᠠᠭᠠᠷᠳᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ | ᠬᠠᠷᠢᠴᠠᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ | ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠬᠤᠲᠠ ᠶᠢᠨ ᠴᠠᠭᠠᠷᠢᠭ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢ ᠪᠦᠲᠦᠮᠵᠢᠲᠡᠢ | ᠠᠬᠢᠭᠤᠯᠬᠤ ᠶᠢ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠰᠢᠰᠲ᠋ᠧᠮ ᠤᠨ ᠬᠠᠤᠯᠢ ᠰᠤᠷᠤᠯᠴᠠᠬᠤ ᠶᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠦᠷᠭᠦᠯᠵᠢᠯᠡᠨ ᠠᠬᠢᠭᠤᠯᠵᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠶᠢᠲᠡ ᠪᠠᠷ ᠢᠶᠠᠨ ᠣᠷᠣᠯᠴᠠᠬᠤ᠂ | ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠬᠠᠤᠯᠢ ᠳᠤ ᠲᠣᠭᠲᠠᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ | ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠬᠢᠨᠠᠯᠲᠠ ᠬᠦᠯᠢᠶᠡᠵᠦ᠂ ᠢᠯᠡ ᠲᠣᠳᠣ ᠪᠠᠶᠢᠯᠭᠠᠬᠤ ᠬᠡᠷᠡᠭᠲᠡᠶ᠃ ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠂ ᠠᠵᠤ ᠠᠬᠤᠶᠢᠯᠠᠯ ᠢ ᠤᠷᠤᠨ ᠤ ᠲᠥᠪ ᠬᠤᠲᠠ ᠳᠤ ᠰᠠᠨᠠᠭ᠎ᠠ ᠠᠮᠤᠷ ᠡᠵᠡᠩᠨᠡᠵᠦ᠂ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ | ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢᠶᠠᠨ ᠴᠢᠨᠠᠭᠰᠢᠳᠠ | ᠳᠡᠭᠡᠭᠰᠢᠯᠡᠭᠦᠯᠵᠦ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ ᠠᠵᠢᠯᠯᠠᠭ᠎ᠠ ᠶᠢ ᠲᠡᠪᠴᠢᠵᠦ᠂ ᠰᠠᠬᠢᠯᠭ᠎ᠠ ᠪᠠᠲᠤ ᠶᠢᠨ | ᠬᠤᠷᠢᠭ᠎ᠠ ᠱᠤᠭᠤᠮ᠂ ᠤᠯᠠᠭᠠᠨ ᠱᠤᠭᠤᠮ ᠢ ᠰᠠᠬᠢᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠡᠢ᠃ |