ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/23
ᠾᠧ ᠬᠠᠢ ᠳ᠋ᠦᠩ ᠬᠤᠷᠠᠯ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠦ︶ 12 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠡᠷᠬᠢᠯᠡᠨ ᠬᠤᠷᠠᠯᠳᠤᠭᠤᠯᠵᠤ᠂ ︽ᠬᠥᠬᠡᠬᠤᠲᠠ ᠶᠢᠨ ᠮᠦᠽᠧᠢ ᠶᠢᠨ ᠬᠤᠲᠠ ᠶᠢᠨ ᠪᠦᠲᠦᠭᠡᠨ ᠪᠠᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ ︵2025—2035︶︾ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠂ ᠬᠥᠬᠡᠬᠤᠲᠠ ᠳᠠᠬᠢ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠮᠲᠤᠷᠠᠯᠴᠠᠭᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠶᠣᠰᠣᠭᠠᠷ᠂ ︽ᠬᠥᠬᠡᠬᠤᠲᠠ ᠶᠢᠨ ᠮᠦᠽᠧᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠥᠪᠵᠢᠭᠦᠯᠭᠡ        ︵2025—2035︶︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠬᠢᠵᠦ᠂ ᠣᠷᠣᠨ ᠤ ᠲᠥᠪ ᠬᠤᠲᠠ ᠶᠢᠨ ᠰᠣᠶᠣᠯ ᠤᠨ ᠴᠢᠳᠠᠪᠬᠢ ᠳᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠣᠶᠣᠯ ᠦᠵᠡᠰᠬᠦᠯᠡᠩ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ ᠶᠢᠨ ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠪᠦᠲᠦᠮᠵᠢᠲᠡᠢ ᠨᠡᠮᠡᠭᠳᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠣᠷᠣᠨ ᠤ ᠲᠥᠪ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ᠂ ᠪᠤᠲᠠᠲᠤ ᠪᠣᠯᠪᠠᠰᠤᠷᠠᠯ ᠤᠨ ᠰᠠᠭᠤᠷᠢᠨ ᠭᠠᠵᠠᠷ᠂ ᠴᠢᠳᠠᠪᠤᠷᠢᠲᠠᠨ ᠤ ᠡᠩᠨᠡᠭᠡ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠦᠷ᠎ᠡ ᠪᠦᠲᠦᠭᠡᠯ ᠢᠶᠠᠨ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠠᠬᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠭᠠᠷᠭᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠷᠢᠯᠴᠠᠨ ᠬᠠᠪᠰᠤᠷᠤᠯᠴᠠᠵᠤ᠂ ᠠᠭᠤᠰᠤᠯᠴᠠᠨ ᠬᠥᠭᠵᠢᠬᠦ ᠶᠢ ᠪᠡᠶᠡᠯᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠭᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ