ᠭᠦᠭᠡᠬᠤᠲᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/23
      2021 ᠣᠨ ᠠᠴᠠ ᠡᠬᠢᠯᠡᠨ᠂ ᠭᠦᠭᠡᠬᠤᠲᠠ ᠶᠡᠭᠡ ᠲᠦᠷᠭᠡᠨ ᠭᠤᠣᠯ ᠤᠨ ᠬᠡᠪᠡᠯᠢ ᠶᠢ ᠵᠠᠰᠠᠬᠤ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠭᠤᠣᠯ ᠤᠨ ᠡᠷᠭᠢ ᠳᠠᠭᠠᠤ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠠᠢ᠃ ᠰᠢᠪᠠᠭᠤᠨ ᠤ ᠲᠦᠷᠦᠯ ᠵᠡᠷᠭᠡ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠶᠢᠨ ᠲᠥᠯᠥᠭᠡ᠂ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠥᠮᠥᠨ ᠤ ᠬᠦᠴᠦ ᠪᠠ ᠰᠢᠨᠵᠢᠯᠡᠭᠡ ᠮᠡᠷᠭᠡᠵᠢᠯ ᠢ ᠤᠶᠠᠯᠳᠤᠭᠤᠯᠤᠭᠰᠠᠨ ᠠᠷᠭ᠎ᠠ ᠪᠠᠷ ᠬᠡᠭᠡᠷ᠎ᠡ ᠶᠢᠨ ᠠᠮᠢᠲᠠᠨ ᠤ ᠣᠷᠣᠰᠢᠨ ᠲᠣᠭᠲᠠᠨᠢᠬᠤ ᠭᠠᠵᠠᠷ ᠲᠤ ᠲᠣᠭᠠᠴᠢᠯᠠᠭᠰᠠᠨ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢ ᠶᠠᠪᠤᠭᠳᠠᠭᠤᠯᠪᠠ᠃      ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠡᠭᠡᠷ᠎ᠡ ᠶᠢᠨ ᠠᠮᠢᠲᠠᠨ ᠤᠷᠭᠤᠮᠠᠯ ᠢ ᠲᠣᠭᠤᠷᠢᠨ ᠬᠠᠮᠠᠭᠠᠯᠠᠵᠤ ᠬᠢᠨᠠᠨ ᠬᠡᠮᠵᠢᠬᠦ ᠠᠵᠢᠯ ᠢ ᠪᠠᠶᠢᠩᠭᠤᠵᠢᠭᠤᠯᠵᠤ᠂ ᠤᠢ ᠰᠢᠭᠤᠢ ᠬᠠᠮᠠᠭᠠᠯᠠᠭᠴᠢ᠂ ᠨᠤᠲᠤᠭ ᠪᠡᠯᠴᠢᠭᠡᠷ ᠤᠨ ᠬᠠᠮᠠᠭᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠡᠭᠡᠷ᠎ᠡ  ᠶᠢᠨ ᠠᠮᠢᠲᠠᠨ ᠲᠥᠪᠯᠡᠷᠡᠵᠦ ᠲᠠᠷᠬᠠᠭᠰᠠᠨ ᠣᠷᠣᠨ᠂  ᠨᠡᠭᠦᠳᠡᠯᠯᠡᠨ ᠲᠦᠷ ᠠᠮᠠᠷᠠᠬᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠳᠠᠬᠢ ᠲᠣᠭᠤᠷᠢᠨ ᠬᠠᠮᠠᠭᠠᠯᠠᠵᠤ ᠬᠢᠨᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠦᠭᠦ ᠲᠠᠯ᠎ᠠ ᠶᠢᠨ᠂ ᠲᠤᠤᠷᠴᠢᠯᠠᠬᠰᠠᠨ᠂ ᠰᠢᠨᠵᠢᠯᠡᠬᠦ ᠤᠬᠠᠭᠠᠨᠴᠢᠯᠠᠭᠰᠠᠨ᠂ ᠪᠠᠶᠢᠩᠭᠤᠵᠢᠭᠰᠠᠨ ᠲᠣᠭᠤᠷᠢᠨ ᠬᠠᠮᠠᠭᠠᠯᠠᠬᠤ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠭᠰᠠᠨ ᠪᠠᠶᠢᠨ᠎ᠠ᠃      ᠣᠳᠣᠬᠠᠨ ᠳᠤ᠂ ᠪᠦᠭᠦ ᠬᠤᠲᠠ ᠶᠢᠨ ᠲᠡᠮᠳᠡᠭᠯᠡᠭᠡᠰᠦᠲᠡᠢ ᠬᠡᠭᠡᠷ᠎ᠡ ᠶᠢᠨ ᠠᠮᠢᠲᠠᠨ ᠠᠷᠢᠶᠠᠲᠠᠨ 35 ᠲᠦᠷᠦᠯ᠂ ᠰᠢᠪᠠᠭᠤᠨ ᠤ ᠲᠦᠷᠦᠯ 218᠂ ᠬᠡᠭᠡᠷ᠎ᠡ ᠶᠢᠨ ᠤᠷᠭᠤᠮᠠᠯ 7558 ᠲᠦᠷᠦᠯ ᠪᠤᠢ᠃ ᠡᠭᠦᠨ ᠳᠤ ᠤᠯᠤᠰ ᠤᠨ ᠨᠢᠭᠡᠳᠦᠭᠡᠷ ᠳᠡᠰ ᠤᠨ ᠬᠠᠮᠠᠭᠠᠯᠠᠯᠲᠠ ᠶᠢᠨ ᠠᠮᠢᠲᠠᠨ 10 ᠲᠦᠷᠦᠯ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ 44 ᠲᠦᠷᠦᠯ᠂ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠤᠷᠭᠤᠮᠠᠯ 9 ᠲᠦᠷᠦᠯ ᠪᠠᠶᠢᠨ᠎ᠠ᠃  ᠬᠡᠭᠡᠷ᠎ᠡ  ᠶᠢᠨ ᠠᠮᠢᠲᠠᠨ ᠢ ᠬᠤᠷᠢᠶᠠᠮᠵᠢᠯᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢ ᠨᠢᠭᠡᠨᠲᠡ 7 ᠪᠠᠶᠢᠭᠤᠯᠵᠤ᠂ 2024 ᠣᠨ ᠠᠴᠠ ᠨᠠᠭᠠᠰᠢ ᠬᠠᠷ᠎ᠠ ᠥᠷᠪᠢ᠂ ᠤᠯᠠᠭᠠᠨ ᠨᠠᠴᠢᠨ᠂ ᠪᠣᠷᠣ ᠭᠥᠷᠥᠭᠡᠰᠦ᠂ ᠯᠠᠮᠠ ᠭᠠᠯᠠᠭᠤ ᠵᠡᠷᠭᠡ 170 ᠭᠠᠷᠤᠢ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ