| | | 12 ᠰᠠᠷ᠎ᠠ ᠶᠢᠨ 21 ᠤ ᠡᠳᠦᠷ᠂ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ | ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ·ᠥᠪᠥᠷ ᠮᠣᠩᠭᠤᠯ ᠤᠨ ᠭᠦᠭᠡᠬᠤᠲᠠ ᠵᠢᠴᠢ ᠭᠦᠭᠡᠬᠤᠲᠠ ᠶᠢᠨ ᠣᠯᠠᠨ ᠲᠦᠮᠡᠨᠴᠢ ᠣᠶᠢᠷ᠎ᠠ ᠵᠠᠢ ᠶᠢᠨ ᠲᠦᠷᠭᠡᠨ | ᠲᠡᠰᠢᠯᠲᠡ ᠶᠢᠨ ᠤᠷᠢᠯᠭ᠎ᠠ ᠶᠢᠨ ᠤᠷᠤᠯᠳᠤᠭᠠᠨ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠥᠪ ᠲᠤ ᠡᠬᠢᠯᠡᠪᠡ᠃ ᠲᠤᠰ ᠤᠳᠠᠭᠠᠨ ᠤ ᠤᠷᠤᠯᠳᠤᠭᠠᠨ ᠳᠤ ᠱᠠᠩᠬᠠᠢ᠂ | ᠱᠠᠨᠳᠦ᠋ᠩ ᠵᠢᠴᠢ ᠭᠦᠭᠡᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ 11 ᠲᠥᠯᠥᠭᠡᠯᠡᠭᠴᠢᠳ ᠤᠨ ᠠᠩᠭᠢ ᠶᠢᠨ 200 ᠰᠢᠬᠠᠮ ᠲᠠᠮᠢᠷᠴᠢᠨ | ᠣᠷᠣᠯᠴᠠᠪᠠ᠃ ᠤᠷᠤᠯᠳᠤᠭᠠᠨ ᠢ ᠨᠠᠰᠤᠲᠠᠶᠢᠴᠤᠳ ᠤᠨ ᠳᠤᠭᠤᠶᠢᠯᠠᠩ᠂ ᠢᠳᠡᠷᠴᠦᠳ ᠤᠨ ᠳᠤᠭᠤᠶᠢᠯᠠᠩ᠂ ᠵᠠᠯᠠᠭᠤᠴᠤᠳ ᠤᠨ ᠳᠤᠭᠤᠶᠢᠯᠠᠩ᠂ ᠪᠠᠭᠠᠴᠤᠳ ᠤᠨ | ᠬᠥᠬᠡ ᠳᠤᠭᠤᠶᠢᠯᠠᠩ᠂ ᠪᠠᠭᠠᠴᠤᠳ ᠤᠨ ᠬᠥᠬᠡᠭᠴᠢᠨ ᠳᠤᠭᠤᠶᠢᠯᠠᠩ᠂ ᠪᠠᠭᠠᠴᠤᠳ ᠤᠨ ᠤᠯᠠᠭᠠᠨ ᠳᠤᠭᠤᠶᠢᠯᠠᠩ᠂ ᠪᠠᠭᠠᠴᠤᠳ ᠤᠨ ᠤᠯᠠᠭᠴᠢᠨ ᠳᠤᠭᠤᠶᠢᠯᠠᠩ᠂ | ᠬᠡᠦᠬᠡᠳ ᠤᠨ ᠳᠤᠭᠤᠶᠢᠯᠠᠩ ᠵᠡᠷᠭᠡ 8 ᠳᠤᠭᠤᠶᠢᠯᠠᠩ ᠬᠤᠪᠢᠶᠠᠵᠠᠢ᠃ ᠵᠢᠷᠤᠭ ᠪᠣᠯ ᠲᠤᠬᠠᠢ ᠶᠢᠨ ᠡᠳᠦᠷ᠂ ᠲᠠᠮᠢᠷᠴᠢᠳ ᠤᠷᠤᠯᠳᠤᠵᠤ ᠪᠠᠶᠢᠭ᠎ᠠ ᠨᠢ᠃ | ᠰᠤᠷᠪᠤᠯᠵᠢᠯᠠᠬᠴᠢ ᠮᠥᠩᠬᠡᠴᠢᠯᠠᠭᠤ ᠰᠡᠭᠦᠳᠡᠷᠯᠡᠪᠡ |