2025 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ 12 ᠰᠠᠷ᠎ᠠ ᠶᠢᠨ 21 ᠠᠴᠠ 22 ᠤᠨ ᠡᠳᠦᠷ ᠪᠤᠯᠲᠠᠯ᠎ᠠ ᠤᠷᠤᠭᠰᠢᠲᠠᠢ | ᠶᠠᠪᠤᠭᠳᠠᠪᠠ᠃ ᠮᠠᠨ ᠤ ᠣᠷᠣᠨ ᠠᠴᠠ ᠨᠡᠶᠢᠳᠡ 7.7 ᠲᠦᠮᠡᠨ ᠰᠢᠯᠭᠠᠭᠤᠯᠤᠭᠴᠢ ᠨᠡᠷ᠎ᠡ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠠᠴᠠ 12 ᠠᠶᠢᠮᠠᠭ | ᠬᠤᠳᠠ ᠪᠠ 10 ᠶᠡᠭᠡ ᠳᠡᠭᠡᠳᠦ ᠰᠤᠷᠭᠠᠭᠤᠯᠢ ᠳᠤ 62 ᠰᠢᠯᠭᠠᠯᠲᠠ ᠶᠢᠨ ᠴᠡᠭ᠂ 2581 ᠰᠢᠯᠭᠠᠯᠲᠠ ᠶᠢᠨ ᠲᠠᠯᠠᠪᠠᠢ ᠲᠣᠬᠢᠷᠠᠭᠤᠯᠵᠤ᠂ ᠲᠡᠰ ᠳᠡᠪᠰᠢᠭᠦᠯᠵᠦ | ᠥᠭᠡᠷᠡᠴᠢᠯᠡᠭᠰᠡᠨ ᠤ ᠳᠠᠷᠠᠭᠠᠬᠢ ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠢ ᠳᠤ ᠰᠢᠯᠭᠠᠯᠲᠠ ᠶᠢ ᠶᠠᠪᠤᠭᠳᠠᠭᠤᠯᠵᠠᠢ᠃ | ᠰᠢᠯᠭᠠᠯᠲᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠰᠣᠷᠣᠬᠴᠢ ᠡᠯᠰᠡᠬᠦ | ᠰᠢᠯᠭᠠᠯᠲᠠ ᠶᠢᠨ ᠵᠥᠪᠯᠡᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠰᠠᠯᠠᠭ᠎ᠠ ᠮᠥᠴᠢᠷ ᠤᠨ ᠬᠤᠭᠤᠷᠤᠨᠳᠤᠭᠢ ᠬᠠᠮᠵᠢᠯᠴᠠᠭ᠎ᠠ ᠪᠠᠨ ᠤᠯᠠᠮ | ᠴᠢᠩᠭᠠᠳᠬᠠᠪᠠ᠃ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠰᠢᠯᠭᠠᠯᠲᠠ ᠳᠤ ᠬᠤᠯᠪᠣᠭᠳᠠᠬᠤ ᠰᠦᠯᠵᠢᠶᠡᠨ ᠤ ᠣᠷᠴᠢᠨ ᠲᠣᠭᠤᠷᠢᠨ ᠢ ᠴᠡᠪᠡᠷᠰᠢᠭᠦᠯᠬᠦ᠂ | ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠠᠮᠤᠷ ᠲᠦᠪᠰᠢᠨ ᠢ ᠪᠠᠲᠤᠯᠠᠬᠤ᠂ ᠰᠢᠯᠭᠠᠯᠲᠠ ᠳᠤ ᠭᠡᠮ ᠬᠢᠬᠦ ᠪᠠᠭᠠᠵᠢ ᠬᠡᠷᠡᠭᠰᠡᠯ ᠪᠣᠷᠣᠯᠠᠭᠤᠯᠬᠤ ᠳᠤ | ᠴᠣᠬᠢᠯᠲᠠ ᠥᠭᠬᠦ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠯᠭᠠᠯᠲᠠ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠦᠷᠭᠦᠯᠵᠢᠯᠡᠨ ᠠᠬᠢᠭᠤᠯᠵᠤ᠂ ᠰᠢᠯᠭᠠᠯᠲᠠ ᠳᠤ ᠬᠤᠯᠪᠣᠭᠳᠠᠬᠤ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠪᠡ᠃ ᠰᠢᠯᠭᠠᠭᠤᠯᠤᠭᠴᠢ ᠶᠢᠨ ᠭᠠᠷ ᠤᠲᠠᠰᠤ ᠠᠪᠴᠤ ᠰᠢᠯᠭᠠᠯᠲᠠ ᠶᠢᠨ ᠲᠠᠯᠠᠪᠠᠢ ᠳᠤ ᠣᠷᠣᠬᠤ ᠶᠢ ᠡᠬᠢ ᠡᠭᠦᠰᠦᠯ ᠠᠴᠠ ᠨᠢ | ᠬᠤᠷᠢᠭᠯᠠᠵᠤ᠂ ᠭᠠᠷ ᠤᠲᠠᠰᠤ ᠪᠠᠷ ᠭᠡᠮ ᠬᠢᠬᠦ ᠦᠶᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠶᠢᠨ ᠲᠥᠯᠥᠭᠡ᠂ ᠡᠯ᠎ᠡ ᠱᠠᠲᠤᠨ ᠤ ᠰᠤᠷᠭᠠᠨ ᠬᠥᠮᠦᠵᠢᠯ ᠤᠨ | ᠰᠢᠯᠭᠠᠯᠲᠠ ᠶᠢᠨ ᠪᠠᠶᠢᠭᠤᠯᠤᠮᠵᠢ ᠪᠠ ᠡᠯ᠎ᠡ ᠰᠢᠯᠭᠠᠯᠲᠠ ᠶᠢᠨ ᠲᠣᠭᠤᠷᠢᠭ ᠤᠨ ᠬᠢᠨ ᠰᠢᠯᠭᠠᠯᠲᠠ ᠶᠢᠨ ᠴᠡᠭ ᠲᠤ ᠣᠷᠣᠬᠤ ᠬᠠᠮᠢᠶᠠᠷᠤᠯᠲᠠ ᠶᠢ ᠪᠦᠭᠦ ᠲᠠᠯ᠎ᠠ ᠪᠠᠷ | ᠴᠢᠩᠭᠠᠳᠬᠠᠵᠤ᠂︽2+1︾ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠨᠠᠶᠢᠳᠠᠪᠤᠷᠢᠵᠢᠭᠤᠯᠤᠨ᠂ ᠰᠢᠯᠭᠠᠯᠲᠠ ᠶᠢᠨ ᠲᠠᠯᠠᠪᠠᠢ ᠵᠢᠴᠢ ᠰᠢᠯᠭᠠᠯᠲᠠ ᠶᠢᠨ ᠴᠡᠭ ᠲᠠᠬᠢ | ᠴᠠᠭᠢᠯᠭᠠᠨ ᠬᠤᠯᠪᠤᠭ᠎ᠠ ᠶᠢᠨ ᠳᠣᠬᠢᠶ᠎ᠠ ᠶᠢᠨ ᠬᠠᠮᠢᠶᠠᠷᠤᠯᠲᠠ ᠶᠢ ᠪᠦᠭᠦᠨ ᠢ ᠪᠦᠲᠦᠮᠵᠢᠲᠡᠶ ᠪᠦᠷᠬᠦᠭᠦᠯᠪᠡ᠃ | ᠡᠭᠦᠨ ᠠᠴᠠ ᠭᠠᠳᠠᠨ᠎ᠠ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠷᠣᠬᠴᠢ | ᠡᠯᠰᠡᠬᠦ ᠵᠥᠪᠯᠡᠯ ᠤᠨ ᠬᠤᠯᠪᠣᠭᠳᠠᠯ ᠪᠦᠬᠦᠢ ᠨᠢᠭᠡᠴᠡ ᠬᠠᠮᠲᠤᠷᠠᠨ ᠵᠢᠵᠢᠭᠦᠷᠯᠡᠬᠦ ᠳᠦᠷᠢᠮ ᠢ ᠬᠡᠷᠡᠭᠵᠢᠭᠦᠯᠵᠦ᠂ ᠤᠯᠤᠰ ᠤᠨ ᠰᠤᠷᠭᠠᠨ ᠬᠥᠮᠦᠵᠢᠯ ᠤᠨ | ᠰᠢᠯᠭᠠᠯᠲᠠ ᠶᠢᠨ ᠥᠪᠥᠷ ᠮᠣᠩᠭᠤᠯ ᠤᠨ ᠵᠢᠯᠤᠭᠤᠳᠬᠤ ᠲᠥᠪ ᠲᠤ ᠲᠥᠪᠯᠡᠷᠡᠭᠦᠯᠦᠨ ᠬᠠᠮᠲᠤᠷᠠᠨ ᠠᠵᠢᠯᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠰᠢᠯᠭᠠᠯᠲᠠ ᠶᠢ ᠲᠣᠭᠤᠷᠢᠨ ᠪᠠᠶᠢᠴᠠᠭᠠᠬᠤ 22 ᠳᠤᠭᠤᠶᠢᠯᠠᠩ ᠤᠨ 33 ᠠᠵᠢᠯᠲᠠᠨ ᠢ | ᠲᠣᠮᠢᠯᠠᠨ ᠴᠡᠭ ᠲᠤ ᠰᠠᠭᠤᠯᠭᠠᠵᠤ ᠲᠣᠭᠤᠷᠢᠨ ᠪᠠᠶᠢᠴᠠᠭᠠᠯᠭᠠᠵᠤ᠂ ᠰᠢᠯᠭᠠᠯᠲᠠ ᠶᠢᠨ ᠠᠵᠢᠯ ᠳᠤ ᠪᠦᠭᠦ ᠶᠠᠪᠤᠴᠠ ᠶᠢᠨ ᠬᠢᠨᠠᠯᠲᠠ ᠲᠠᠯᠪᠢᠵᠤ᠂ ᠰᠢᠯᠭᠠᠯᠲᠠ ᠶᠢᠨ | ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠪᠠ᠃ | | | |