ᠭᠦᠭᠡᠬᠤᠲᠠ ᠲᠥᠮᠥᠰᠥᠨ ᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠪᠡ
ᠨᠡᠶᠢᠲᠡᠯᠡᠭᠰᠡᠨ ᠴᠠᠭ᠄
2024/12/23
      ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠭᠦᠭᠡᠬᠤᠲᠠ 67.7 ᠲᠦᠮᠡᠨ ᠮᠦ ᠲᠥᠮᠥᠰᠥ ᠲᠠᠷᠢᠵᠤ᠂ 73.45 ᠲᠦᠮᠡᠨ ᠲᠣᠨ ᠲᠥᠮᠥᠰᠥ ᠬᠤᠷᠢᠶᠠᠪᠠ᠃ ᠣᠳᠣᠬᠠᠨ ᠳᠤ ᠲᠥᠮᠥᠰᠥ ᠨᠢᠭᠡᠨᠲᠡ ᠭᠦᠭᠡᠬᠤᠲᠠ  ᠶᠢᠨ ᠴᠢᠬᠤᠯᠠ ᠠᠮᠤ ᠪᠤᠳᠠᠭᠠᠨ ᠤ ᠲᠠᠷᠢᠮᠠᠯ ᠪᠠ ᠣᠷᠣᠨ ᠨᠤᠲᠤᠭ ᠤᠨ ᠠᠵᠤ ᠠᠬᠤᠢ ᠶᠢᠨ ᠣᠨᠴᠠᠯᠢᠭ ᠪᠦᠬᠦᠢ ᠴᠢᠬᠤᠯᠠ ᠠᠵᠤ ᠦᠢᠯᠡᠰ ᠪᠣᠯᠵᠠᠢ᠃      ᠣᠶᠢᠷ᠎ᠠ ᠶᠢᠨ ᠵᠢᠯ ᠳᠤ ᠭᠦᠭᠡᠬᠤᠲᠠ ᠲᠥᠮᠥᠰᠥᠨ ᠤ ᠰᠢᠯᠢᠳᠡᠭ ᠡᠭᠦᠯᠳᠡᠷ ᠢ ᠰᠢᠰᠲ᠋ᠧᠮ ᠲᠠᠢ ᠪᠣᠶᠢᠵᠢᠭᠤᠯᠬᠤ᠂ ᠪᠠᠷᠢᠮᠵᠢᠶᠠᠵᠢᠭᠤᠯᠤᠨ ᠳᠠᠷᠢᠬᠤ᠂ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠣᠯᠠᠨ ᠡᠰᠢᠵᠢᠭᠦᠯᠦᠨ ᠬᠠᠳᠠᠭᠠᠯᠠᠬᠤ᠂ ᠳᠡᠭᠡᠳᠦ ᠲᠠᠰᠵᠢᠭᠦᠯᠦᠨ ᠰᠤᠳᠤᠯᠤᠨ ᠨᠡᠭᠡᠭᠡᠬᠦ᠂ ᠲᠥᠷᠥᠯ ᠲᠡᠮᠳᠡᠭᠵᠢᠭᠦᠯᠦᠨ ᠪᠣᠷᠣᠯᠠᠭᠤᠯᠬᠤ ᠶᠢ ᠪᠠᠷᠢᠮᠲᠠᠯᠠᠵᠤ᠂︽ᠦᠷ᠎ᠡ ᠶᠢᠨ ᠲᠥᠮᠥᠰᠥ᠂ ᠡᠳ᠋ᠰᠢᠭᠦᠯᠭᠡ ᠶᠢᠨ ᠲᠥᠮᠥᠰᠥ᠂ ᠰᠢᠨ᠎ᠡ ᠰᠣᠷᠭᠤᠭ ᠲᠥᠮᠥᠰᠥ︾ ᠶᠢ ᠵᠡᠷᠭᠡ ᠪᠠᠷ ᠴᠢᠬᠤᠯᠠᠴᠢᠯᠠᠭᠰᠠᠨ᠂ ︽ᠰᠤᠳᠤᠯᠬᠤ᠂ ᠳᠠᠷᠢᠬᠤ᠂ ᠡᠳ᠋ᠰᠢᠭᠦᠯᠬᠦ᠂ ᠵᠣᠭᠤᠷᠢᠯᠠᠬᠤ᠂ ᠪᠣᠷᠣᠯᠠᠭᠤᠯᠬᠤ︾ ᠶᠢ ᠵᠡᠷᠭᠡ ᠪᠠᠷ ᠠᠬᠢᠭᠤᠯᠤᠭᠰᠠᠨ ᠲᠥᠮᠥᠰᠥ ᠶᠢᠨ ᠪᠦᠭᠦ ᠠᠵᠤ ᠦᠢᠯᠡᠰ ᠤᠨ ᠬᠡᠯᠬᠢᠶ᠎ᠡ  ᠶᠢᠨ ᠬᠥᠭᠵᠢᠯᠲᠡ ᠶᠢᠨ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃      - ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠨ ᠲᠠᠷᠢᠶᠠᠴᠢᠳ ᠤᠨ ᠲᠥᠮᠥᠰᠥ ᠲᠠᠷᠢᠬᠤ ᠢᠳᠡᠪᠬᠢᠵᠢᠯ ᠢ ᠲᠠᠶᠢᠴᠢᠯᠠᠪᠠ᠃ 2023 ᠣᠨ  ᠠᠴᠠ 2024 ᠣᠨ ᠪᠤᠯᠳᠠᠯ᠎ᠠ ᠭᠦᠭᠡᠬᠤᠲᠠ ᠤᠷᠢᠳ ᠬᠤᠵᠢᠳ ᠨᠡᠶᠢᠲᠡ ᠳ᠋ᠦᠩᠰᠢᠭᠤᠷ ᠭᠠᠷᠤᠢ ᠲᠥᠭᠦᠷᠢᠭ ᠤᠨ ᠨᠥᠬᠦᠪᠦᠷᠢ ᠮᠥᠩᠭᠦ ᠪᠠᠭᠤᠯᠭᠠᠨ ᠲᠠᠷᠢᠶᠠᠴᠢᠳ ᠤᠨ ᠲᠥᠮᠥᠰᠥ ᠳᠠᠷᠢᠬᠤ ᠶᠢ ᠵᠣᠷᠢᠭᠵᠢᠭᠤᠯᠵᠠᠢ᠃ ᠡᠭᠦᠨ ᠤ ᠬᠠᠮᠲᠤ ᠲᠠᠷᠢᠶᠠᠨ ᠭᠠᠵᠠᠷ ᠢ ᠰᠡᠯᠭᠦᠨ ᠳᠠᠷᠢᠬᠤ ᠨᠥᠬᠦᠪᠦᠷᠢ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ 195 ᠲᠦᠮᠡᠨ ᠲᠥᠭᠦᠷᠢᠭ ᠤᠨ ᠰᠡᠯᠭᠦᠨ ᠳᠠᠷᠢᠭᠰᠠᠨ ᠨᠥᠬᠦᠪᠦᠷᠢ ᠪᠠᠭᠤᠯᠭᠠᠪᠠ᠃      - ᠰᠠᠶᠢᠨ ᠡᠭᠦᠯᠳᠡᠷ ᠢ ᠪᠣᠶᠢᠵᠢᠭᠤᠯᠬᠤ ᠶᠢ ᠴᠢᠬᠤᠯᠠᠴᠢᠯᠠᠨ ᠦᠷ᠎ᠡ ᠶᠢᠨ ᠲᠥᠮᠥᠰᠥ ᠶᠢᠨ ᠠᠵᠤ ᠦᠢᠯᠡᠰ ᠢ ᠬᠦᠴᠦᠯᠡᠨ ᠬᠥᠭᠵᠢᠭᠦᠯᠪᠡ᠃ ᠡᠨᠡ ᠵᠢᠯ ᠭᠦᠭᠡᠬᠤᠲᠠ ᠣᠲᠣ ᠶᠢᠨ ᠪᠠᠶᠢᠭ᠎ᠠ ᠰᠢᠦᠢ ᠹᠧᠩ ᠵᠡᠷᠭᠡ 4 ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠳᠤ ᠲᠦᠰᠢᠭᠯᠡᠨ 12285 ᠮᠦ ᠶᠢᠨ ᠦᠷ᠎ᠡ ᠶᠢᠨ ᠲᠥᠮᠥᠰᠥ ᠲᠠᠷᠢᠬᠤ ᠲᠠᠷᠢᠶᠠᠨ ᠭᠠᠵᠠᠷ ᠢ ᠨᠠᠶᠢᠳᠠᠪᠤᠷᠢᠵᠢᠭᠤᠯᠵᠤ᠂ ᠮᠦ ᠨᠢᠭᠡᠴᠢ ᠶᠢᠨ ᠤᠨᠠᠯᠲᠠ ᠨᠢ ᠪᠠᠷᠤᠭ 3680 ᠺᠢᠯᠣᠭ᠍ᠷᠠᠮ ᠳᠤ ᠭᠦᠷᠪᠡ᠃ ᠨᠢᠳᠤᠨᠤᠨ ᠤ ᠬᠢ  ᠲᠠᠢ ᠬᠠᠷᠢᠴᠠᠭᠤᠯᠪᠠᠯ᠂ ᠦᠷ᠎ᠡ ᠶᠢᠨ ᠲᠥᠮᠥᠰᠥ ᠳᠠᠷᠢᠭᠰᠠᠨ ᠲᠠᠯᠠᠪᠠᠶ ᠨᠢ 5385 ᠮᠦ ᠨᠡᠮᠡᠭᠳᠡᠵᠦ᠂ ᠮᠦ ᠨᠢᠭᠡᠴᠢ ᠶᠢᠨ ᠤᠨᠠᠯᠲᠠ ᠨᠢ 1000 ᠺᠢᠯᠣᠭ᠍ᠷᠠᠮ ᠰᠢᠬᠠᠮ ᠨᠡᠮᠡᠭᠳᠡᠵᠡᠢ᠃      - ᠣᠷᠣᠨ ᠪᠦᠰᠡ ᠶᠢᠨ ᠳᠠᠪᠠᠭᠤᠯᠢᠭ ᠲᠠᠭᠠᠨ ᠰᠠᠭᠤᠷᠢᠯᠠᠨ ᠬᠡᠪᠴᠢᠶᠡᠵᠢᠭᠦᠯᠦᠨ ᠲᠠᠷᠢᠬᠤ ᠲᠦᠪᠰᠢᠨ ᠢ ᠳᠡᠭᠡᠭᠰᠢᠯᠡᠭᠦᠯᠪᠡ᠃ ᠣᠳᠣᠬᠠᠨ ᠳᠤ ᠭᠦᠭᠡᠬᠤᠳᠠ  ᠶᠢᠨ ᠦᠴᠦᠸᠠᠨ ᠰᠢᠶᠠᠨ ᠳᠤ ᠲᠥᠮᠥᠰᠥ ᠶᠢ ᠪᠠᠷᠢᠮᠵᠢᠶᠠᠵᠢᠭᠤᠯᠤᠨ ᠳᠠᠷᠢᠬᠤ 5 ᠰᠠᠭᠤᠷᠢᠨ ᠪᠠᠶᠢᠭᠤᠯᠤᠭᠰᠠᠨ ᠪᠥᠭᠡᠳ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠪᠣᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ ᠵᠡᠷᠭᠡ ᠮᠡᠷᠭᠡᠵᠢᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠳᠠᠷᠢᠬᠤ ᠰᠢᠰᠲ᠋ᠧᠮ ᠢ ᠯᠠᠪᠳᠠᠭᠤᠨ ᠢᠶᠠᠷ ᠪᠤᠢ ᠪᠣᠯᠭᠠᠪᠠ᠃ ᠲᠥᠮᠥᠰᠥ ᠶᠢᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠳᠠᠢ ᠬᠥᠭᠵᠢᠯᠲᠡ ᠶᠢᠨ ᠲᠥᠯᠦᠪᠵᠢᠭᠦᠯᠭᠡ ᠶᠣᠰᠣᠭᠠᠷ ᠦᠴᠦᠸᠠᠨ ᠰᠢᠶᠠᠨ ᠳᠤ ᠪᠠᠰᠠ ᠲᠠᠸᠠᠷ ᠤᠨ ᠲᠥᠮᠥᠰᠥ ᠶᠢᠨ ᠦᠢᠯᠡᠳᠪᠦᠷᠢᠯᠡᠯ ᠤᠨ 150 ᠰᠠᠭᠤᠷᠢᠨ᠂ ᠦᠷ᠎ᠡ ᠶᠢᠨ ᠲᠥᠮᠥᠰᠥ  ᠶᠢᠨ 10 ᠰᠠᠭᠤᠷᠢᠨ᠂ ᠣᠷᠭᠠᠨᠢᠭ ᠲᠥᠮᠥᠰᠥ ᠶᠢᠨ 40 ᠰᠠᠭᠤᠷᠢᠨ ᠢ ᠪᠠᠶᠢᠭᠤᠯᠪᠠ᠃      - ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠪᠠ᠃ ᠭᠦᠭᠡᠬᠤᠳᠠ  ᠶᠢᠨ ᠰᠠᠶᠢᠬᠠᠨ ᠲᠣᠭᠤᠷᠢᠭ ᠳᠥᠭᠦᠮ ᠲᠠᠷᠢᠶᠠᠯᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠠᠴᠢᠯᠠᠭᠰᠠᠨ ᠲᠠᠷᠢᠶᠠᠯᠠᠬᠤ ᠮᠡᠷᠭᠡᠵᠢᠯ ᠳᠤ ᠲᠦᠰᠢᠭᠯᠡᠨ ᠪᠣᠬᠢᠷᠳᠤᠯ ᠦᠭᠡᠢ ᠥᠨᠳᠥᠷ ᠤᠨᠠᠯᠲᠠᠲᠤ ᠥᠨᠳᠥᠷ ᠦᠷ᠎ᠡ ᠠᠰᠢᠭ ᠲᠠᠢ ᠲᠥᠮᠥᠰᠥ ᠶᠢᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ ᠤᠷᠭᠤᠯᠲᠠ ᠶᠢᠨ ᠪᠠᠶᠢᠳᠠᠯ ᠢ ᠬᠢᠨᠠᠨ ᠡᠵᠡᠮᠳᠡᠬᠦ ᠰᠢᠰᠲ᠋ᠧᠮ ᠢᠶᠠᠷ ᠲᠠᠷᠢᠶᠠᠯᠠᠬᠤ ᠡᠷᠦᠭᠡ ᠶᠢᠨ 1.6 ᠲᠦᠮᠡ ᠮᠦ ᠲᠠᠷᠢᠶ᠎ᠠ ᠳᠤ ᠲᠣᠭᠠᠴᠢᠯᠠᠭᠰᠠᠨ ᠦᠢᠯᠡᠴᠢᠯᠡᠭᠡ ᠬᠦᠷᠲᠡᠭᠡᠪᠡ᠃ ᠦᠴᠦᠸᠠᠨ ᠰᠢᠶᠠᠨ ᠴᠢᠨᠠᠷᠯᠢᠭ ᠥᠨᠳᠥᠷ ᠪᠦᠲᠦᠮᠵᠢᠲᠡᠶ ᠪᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠵᠢᠱᠢᠶ᠎ᠡ ᠦᠵᠡᠭᠦᠯᠭᠦ ᠠᠵᠢᠯᠯᠠᠭ᠎ᠠ ᠪᠠᠷ ᠲᠠᠮᠵᠢᠨ ᠭᠦᠶᠦᠬᠡᠨ ᠪᠤᠯᠠᠵᠤ ᠳᠤᠰᠤᠯᠠᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠲᠠᠷᠢᠬᠤ ᠮᠡᠷᠭᠡᠵᠢᠯ ᠢᠶᠠᠷ ᠭᠤᠣᠯ ᠪᠤᠯᠭᠠᠬᠰᠠᠨ ᠰᠠᠭᠤᠷᠢᠨ ᠳᠡᠭᠡᠷ᠎ᠡ ᠰᠠᠭᠤᠷᠢ ᠪᠣᠷᠳᠣᠭᠤᠷ ᠤᠷᠤᠭᠤᠯᠬᠤ ᠦᠭᠡᠢ᠂ ᠲᠥᠮᠥᠰᠥ ᠶᠢᠨ ᠪᠣᠯᠪᠠᠰᠤᠷᠠᠬᠤ ᠦᠶ᠎ᠡ ᠶᠢᠨ ᠡᠪᠡᠳᠴᠢᠨ ᠭᠡᠮ ᠢ ᠲᠣᠭᠠᠴᠢᠯᠠᠭᠰᠠᠨ ᠮᠡᠷᠭᠡᠵᠢᠯ ᠢᠶᠠᠷ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠵᠡᠷᠭᠡ ᠮᠡᠷᠭᠡᠵᠢᠯ ᠢ ᠤᠶᠠᠯᠳᠤᠭᠤᠯᠤᠨ ᠬᠡᠷᠡᠭᠯᠡᠵᠦ᠂ ᠲᠥᠷᠥᠯ ᠵᠦᠢᠯ ᠤᠨ ᠣᠷᠣᠨ ᠤ ᠮᠦ ᠨᠢᠭᠡᠴᠢ ᠶᠢᠨ ᠳᠤᠮᠳᠠᠴᠢ ᠤᠨᠠᠯᠲᠠ ᠶᠢ 3800 ᠺᠢᠯᠣᠭ᠍ᠷᠠᠮ ᠳᠤ ᠬᠦᠷᠭᠡᠵᠦ᠂ 500 ᠭᠠᠷᠤᠢ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠵᠡᠢ᠃      - ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠶᠢ ᠲᠣᠪᠤᠶᠢᠯᠭᠠᠨ ᠡᠵᠡᠩᠨᠡᠨ ᠪᠣᠷᠣᠯᠠᠭᠤᠯᠬᠤ ᠰᠢᠰᠲ᠋ᠧᠮ ᠢ ᠪᠦᠷᠢᠨᠰᠢᠭᠦᠯᠪᠡ᠃ ᠬᠤᠷᠢᠨᠭᠡᠷ ᠤᠨ ᠬᠤᠸᠠ ᠧᠦ᠂ ᠦᠴᠦᠸᠠᠨ ᠤ ᠱᠦ ᠶᠤᠸᠠᠨ ᠺᠠᠩ ᠵᠡᠷᠭᠡ ᠴᠠᠷᠳᠠᠭᠤᠯ ᠦᠢᠯᠡᠳᠪᠦᠷᠢᠯᠡᠬᠦ ᠳᠠᠭᠠᠭᠤᠯᠤᠭᠴᠢ ᠠᠵᠤ ᠠᠬᠤᠶᠢᠯᠠᠯ ᠳᠤ ᠲᠦᠰᠢᠭᠯᠡᠨ ᠲᠥᠮᠥᠰᠥ ᠶᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠱᠦ ᠶᠤᠸᠠᠨ ᠺᠠᠩ ᠲᠥᠮᠥᠰᠥᠨ ᠤ ᠲᠠᠯᠬ᠎ᠠ ᠪᠠ ᠹᠷᠠᠨᠼᠢ ᠮᠠᠶ᠋ᠢᠭ ᠤᠨ ᠲᠥᠮᠥᠰᠥᠨ ᠤ ᠵᠦᠰᠦᠮ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠲᠥᠷᠥᠯ ᠵᠦᠢᠯ᠂ ᠬᠤᠸᠠ ᠧᠦ ᠶᠢᠨ ᠲᠥᠮᠥᠰᠥᠨ ᠤ ᠴᠠᠷᠳᠠᠭᠤᠯ ᠤᠨ ᠦᠢᠯᠡᠳᠪᠦᠷᠢᠯᠡᠯ ᠤᠨ ᠱᠤᠭᠤᠮ ᠵᠢᠴᠢ ᠰᠢᠭᠦᠰᠦᠯᠢᠭ ᠤᠭᠤᠷᠠᠭ ᠢᠯᠭᠠᠷᠠᠭᠤᠯᠬᠤ ᠲᠦᠷᠦᠯ ᠵᠦᠢᠯ᠂ ᠴᠤᠸᠠᠨ ᠪᠤᠤ ᠶᠢᠨ ᠪᠡᠯᠡᠨ ᠵᠠᠭᠤᠰᠢ ᠪᠤᠯᠪᠠᠰᠤᠷᠠᠭᠤᠯᠬᠤ ᠲᠦᠷᠦᠯ ᠵᠦᠢᠯ ᠵᠡᠷᠭᠡ ᠶᠢᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠲᠥᠮᠥᠰᠥ ᠶᠢ ᠣᠷᠣᠨ ᠨᠤᠲᠤᠭ ᠲᠠᠭᠠᠨ ᠰᠢᠩᠭᠡᠭᠡᠬᠦ ᠴᠢᠳᠠᠪᠤᠷᠢ ᠶᠢ 15% ᠪᠠᠷ ᠳᠡᠭᠡᠭᠰᠢᠯᠡᠭᠦᠯᠦᠨ᠂ ︽ᠭᠠᠷᠤᠯᠲᠠ ᠥᠨᠳᠥᠷ ᠴᠤ ᠪᠣᠷᠤᠯᠠᠭᠤᠯᠭ᠎ᠠ ᠠᠨᠠᠢ᠂ ᠴᠢᠨᠠᠷ ᠰᠠᠶᠢᠨ ᠴᠤ ᠦᠨ᠎ᠡ ᠨᠢ ᠬᠢᠮᠳᠠ︾ ᠪᠠᠶᠢᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠡᠭᠦᠨ ᠤ ᠬᠠᠮᠲᠤ ᠲᠥᠮᠥᠰᠥ ᠶᠢᠨ︽ᠢᠨᠲ᠋ᠧᠷ ᠰᠦᠯᠵᠢᠶ᠎ᠡ +︾ᠭᠡᠯᠪᠡᠷᠢ ᠶᠢᠨ ᠬᠥᠭᠵᠢᠯᠲᠡ ᠶᠢ ᠠᠬᠢᠭᠤᠯᠤᠨ᠂ ᠲᠥᠮᠥᠰᠥ ᠪᠠᠨ ᠰᠦᠯᠵᠢᠶ᠎ᠡ ᠪᠠᠷ ᠪᠣᠷᠣᠯᠠᠭᠤᠯᠬᠤ ᠶᠢ ᠠᠬᠢᠭᠤᠯᠵᠤ᠂ ᠤᠳᠤ ᠭᠦᠭᠡᠬᠤᠲᠠ ᠳᠤ ᠲᠥᠮᠥᠰᠥ ᠶᠢᠨ ᠡᠯᠧᠺᠲᠷᠣᠨ ᠬᠤᠳᠠᠯᠳᠤᠭ᠎ᠠ ᠡᠷᠭᠢᠯᠡᠭᠦ 36 ᠠᠵᠤ ᠠᠬᠤᠶᠢᠯᠠᠯ ᠲᠠᠢ ᠪᠣᠯᠵᠠᠢ᠃      ᠬᠦᠢᠲᠡᠨ ᠤ ᠡᠷᠴᠢ ᠴᠢᠩᠭᠠᠷᠠᠵᠤ᠂ ᠬᠤᠷᠴᠢᠨ ᠨᠤᠲᠤᠭ ᠲᠤ ᠡᠪᠦᠯ ᠤᠨ ᠠᠭᠤᠷ ᠠᠮᠢᠰᠬᠤᠯ ᠥᠳᠬᠡᠷᠡᠵᠡᠢ᠃ ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠰᠢᠳᠠᠢ ᠰᠤᠮᠤ ᠶᠢᠨ ᠲᠡᠮᠡᠭᠡᠴᠢᠨ ᠭᠠᠴᠠᠭ᠎ᠠ ᠶᠢᠨ ᠯᠢᠦ ᠣᠪᠣᠭᠲᠤ ᠶᠢᠨ ᠨᠠᠩᠭᠢ ᠪᠣᠣᠪᠤ ᠶᠢᠨ ᠳᠡᠯᠭᠡᠭᠦᠷ ᠤᠨ ᠦᠢᠯᠡᠳᠪᠦᠷᠢᠯᠡᠯ  ᠤᠨ ᠲᠠᠰᠤᠭ ᠲᠤ ᠣᠷᠣᠬᠤ ᠳᠤ ᠬᠠᠯᠠᠭᠤᠨ ᠠᠭᠤᠷ ᠪᠠᠭᠠᠭᠢᠭᠰᠠᠨ ᠨᠠᠩᠭᠢ ᠪᠣᠣᠪᠤ ᠠᠴᠠ ᠰᠠᠶᠢᠬᠠᠨ ᠦᠨᠦᠷ ᠬᠠᠩᠬᠤᠯᠵᠤ᠂ ᠴᠡᠪᠡᠷ ᠲᠡᠭᠰᠢ ᠠᠵᠢᠯ ᠤᠨ ᠬᠤᠪᠴᠠᠰᠤ  ᠲᠠᠢ ᠠᠵᠢᠯᠴᠢᠳ ᠭᠤᠯᠢᠷ ᠨᠤᠬᠤᠬᠤ᠂ ᠪᠣᠣᠪᠤ ᠪᠠᠷᠢᠬᠤ᠂ ᠵᠢᠩᠨᠡᠵᠦ ᠪᠣᠯᠭᠤᠭᠠᠬᠤ᠂ ᠬᠥᠯᠳᠡᠭᠡᠬᠦ᠂ ᠤᠭᠤᠲᠠᠯᠠᠬᠤ ᠵᠡᠷᠭᠡ ᠠᠵᠢᠯ ᠳᠤ ᠪᠣᠷᠪᠢ ᠪᠤᠭᠢᠰᠭᠡᠯ ᠦᠭᠡᠢ ᠶᠠᠭᠠᠷᠠᠯᠳᠤᠵᠤ ᠪᠠᠶᠢᠯ᠎ᠠ᠃ ᠡᠪᠦᠯ ᠣᠷᠣᠭᠰᠠᠨ ᠠᠴᠠ ᠨᠠᠭᠠᠰᠢ᠂ ᠡᠳᠡᠨ ᠤ ᠨᠠᠩᠭᠢ ᠪᠣᠣᠪᠤ ᠶᠢᠨ ᠠᠷᠠᠯᠵᠢᠶ᠎ᠠ ᠶᠠᠪᠤᠬᠤ ᠲᠤᠳᠤᠮ ᠰᠠᠶᠢᠵᠢᠷᠠᠵᠤ᠂ ᠰᠦᠯᠵᠢᠶᠡᠨ ᠳᠡᠭᠡᠷᠡᠬᠢ ᠪᠠ ᠪᠣᠳᠠᠲᠤ ᠳᠡᠯᠭᠡᠭᠦᠷ ᠲᠠᠬᠢ ᠵᠠᠬᠢᠶᠠᠯᠠᠭ᠎ᠠ ᠡᠳᠦᠷ ᠠᠴᠠ ᠡᠳᠦᠷ ᠨᠡᠮᠡᠭᠳᠡᠵᠦ ᠪᠠᠶᠢᠨ᠎ᠠ᠃      ︽ᠪᠢᠳᠡ ᠨᠠᠩᠭᠢ ᠪᠣᠣᠪᠤ ᠪᠠᠨ ᠪᠥᠭᠡᠮ ᠢᠶᠠᠷ ᠬᠤᠳᠠᠯᠳᠤᠵᠤ᠂ ᠭᠤᠣᠯᠳᠠᠭᠤ ᠡᠷᠭᠢᠨ ᠲᠣᠭᠤᠷᠢᠨ ᠤ ᠰᠤᠮᠤ ᠰᠢᠶᠠᠩ ᠪᠠᠯᠭᠠᠰᠤᠨ ᠤ ᠬᠠᠮ ᠳᠡᠯᠭᠡᠭᠦᠷ ᠪᠣᠯᠣᠨ ᠲᠦᠩᠯᠢᠶᠣᠣ ᠬᠤᠲᠠ ᠶᠢᠨ ᠲᠣᠮᠣ ᠳᠤᠮᠳᠠ ᠭᠡᠯᠪᠡᠷᠢ ᠶᠢᠨ ᠬᠠᠮ ᠳᠡᠯᠭᠡᠭᠦᠷ ᠲᠤ ᠪᠣᠷᠣᠯᠠᠭᠤᠯᠵᠤ ᠪᠠᠶᠢᠨ᠎ᠠ᠃ ᠪᠠᠰᠠ ᠰᠢᠭᠤᠳ ᠨᠡᠪᠲᠡᠷᠡᠭᠦᠯᠭᠡ ᠪᠠᠷ ᠳᠠᠮᠵᠢᠨ ᠭᠠᠳᠠᠷ ᠣᠷᠣᠨ ᠤ ᠵᠠᠬ᠎ᠠ ᠳᠡᠯᠭᠡᠭᠦᠷ ᠲᠤ ᠪᠣᠷᠣᠯᠠᠭᠤᠯᠵᠤ ᠪᠤᠢ︾ ᠭᠡᠵᠦ ᠯᠢᠦ ᠣᠪᠣᠭᠲᠤ ᠶᠢᠨ ᠨᠠᠩᠭᠢ ᠪᠣᠣᠪᠤ ᠶᠢᠨ ᠳᠡᠯᠭᠡᠭᠦᠷ ᠤᠨ ᠡᠵᠡᠨ ᠯᠢᠦ ᠶᠤᠸᠠᠢ ᠶᠢᠩ ᠤᠷᠮᠠᠲᠠᠢ ᠬᠡᠯᠡᠨ᠎ᠡ᠃      ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠰᠤᠭ ᠲᠤᠨᠢ ᠣᠷᠣᠪᠠᠯ ᠯᠢᠦ ᠶᠤᠸᠠᠢ ᠶᠢᠩ ᠥᠪᠡᠷ ᠤᠨ ᠴᠤᠯ ᠭᠠᠷ ᠦᠢᠯᠡᠳᠬᠡᠯ ᠤᠨ ᠨᠠᠩᠭᠢ ᠪᠣᠣᠪᠤ  ᠪᠠᠨ ᠳᠡᠯᠭᠡᠨ ᠦᠵᠡᠭᠦᠯᠵᠦ᠂ ᠠᠯᠳᠠᠨ ᠰᠢᠷᠭᠠᠯ ᠨᠠᠩᠭᠢ ᠪᠣᠣᠪᠤ ᠪᠠᠨ ᠴᠠᠭᠠᠨ ᠰᠢᠬᠢᠷ ᠪᠣᠯᠣᠨ ᠰᠢᠷ᠎ᠠ ᠲᠣᠰᠣ ᠲᠠᠢ ᠲᠦᠷᠢᠵᠦ ᠢᠳᠡᠬᠦ ᠪᠠᠷ ᠦᠵᠡᠭᠰᠡᠨ ᠪᠦᠭᠦᠨ ᠤ ᠰᠢᠯᠦᠰᠦ ᠶᠢ ᠬᠤᠷᠠᠭᠤᠯᠤᠨ᠎ᠠ᠃ ᠲᠡᠭᠦᠨ ᠤ ᠪᠤᠰᠢᠭᠤ ᠭᠠᠷ ᠲᠠᠪᠴᠠᠩ ᠳᠤ ᠳᠠᠩᠰᠠᠯᠠᠭᠤᠯᠤᠭᠰᠠᠨ︽ᠯᠢᠦ ᠣᠪᠣᠭᠲᠤ ᠶᠢᠨ ᠨᠠᠩᠭᠢ ᠪᠣᠣᠪᠤ ᠶᠢᠨ ᠳᠡᠯᠭᠡᠭᠦᠷ︾ ᠭᠡᠬᠦ ᠳ᠋ᠤᠭᠠᠷ ᠨᠢ ᠨᠢᠭᠡᠨᠲᠡ ᠲᠦᠮᠡᠨ ᠬᠦᠷᠢᠶᠡᠯᠡᠭᠴᠢ ᠲᠠᠢ ᠪᠣᠯᠪᠠ᠃ ᠨᠠᠩᠭᠢ ᠪᠣᠣᠪᠤ ᠠᠴᠠ ᠭᠠᠳᠠᠨ᠎ᠠ ᠳᠡᠳᠡᠨ ᠤ ᠬᠢᠨ ᠪᠠᠰᠠ ᠰᠠᠭᠠᠭ ᠤᠨ ᠭᠤᠯᠢᠷ ᠤᠨ ᠢᠳᠡᠭᠡᠨ᠂ ᠭᠠᠷ  ᠢᠶᠠᠷ ᠪᠠᠷᠢᠭᠰᠠᠨ ᠪᠠᠩᠰᠢ ᠵᠡᠷᠭᠡ ᠶᠢ ᠬᠤᠳᠠᠯᠳᠤᠵᠤ ᠪᠠᠶᠢᠨ᠎ᠠ᠃      ᠯᠢᠦ ᠶᠤᠸᠠᠢ ᠶᠢᠩ ᠨᠠᠩᠭᠢ ᠪᠣᠣᠪᠤ ᠶᠢᠨ ᠳᠡᠯᠭᠡᠭᠦᠷ ᠢᠶᠠᠨ 2023 ᠣᠨ ᠳᠤ ᠨᠡᠭᠡᠭᠡᠵᠡᠢ᠃ ᠲᠡᠷᠡ ᠪᠠᠷ ᠭᠠᠷ ᠦᠢᠯᠡᠳᠬᠡᠯ ᠤᠨ ᠤᠷ᠎ᠠ ᠮᠡᠷᠭᠡᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠢᠳᠡᠭᠡᠨ ᠤ ᠮᠠᠲ᠋ᠧᠷᠢᠶᠠᠯ ᠳᠠᠭᠠᠨ ᠤᠨᠴᠠᠭᠠᠢ ᠠᠩᠬᠠᠷᠤᠯ ᠲᠠᠯᠪᠢᠨ᠂ ᠨᠠᠩᠭᠢ ᠪᠣᠣᠪᠤ ᠪᠠᠨ ᠴᠡᠪᠡᠷ ᠰᠢᠷ᠎ᠠ ᠨᠠᠩᠭᠢ ᠭᠤᠯᠢᠷ  ᠢᠶᠠᠷ ᠬᠢᠵᠦ᠂ ᠪᠦᠭᠦ ᠶᠠᠪᠤᠴᠠ ᠳᠤ ᠣᠨᠳᠣᠣ ᠭᠤᠯᠢᠷ ᠬᠤᠯᠢᠬᠤ ᠦᠭᠡᠢ ᠪᠠᠷ ᠬᠥᠮᠥᠰ ᠲᠤ ︽ᠪᠠᠭ᠎ᠠ ᠶᠢᠨ ᠦᠶ᠎ᠡ ᠶᠢᠨ ᠠᠮᠲᠠ︾ ᠶᠢ ᠮᠡᠳᠡᠷᠡᠭᠦᠯᠬᠦ ᠪᠠᠷ ᠴᠢᠷᠮᠠᠶᠢᠪᠠ᠃      ᠯᠢᠦ ᠶᠤᠸᠠᠢ ᠶᠢᠩ ᠲᠡᠮᠡᠭᠡᠴᠢᠨ ᠭᠠᠴᠠᠭ᠎ᠠ ᠠᠴᠠ ᠪᠠᠨ ᠦᠷᠭᠦᠯᠵᠢ ᠰᠤᠯᠠ ᠭᠦᠳᠡᠯᠮᠦᠷᠢ ᠬᠦᠴᠦ ᠬᠥᠯᠥᠰᠦᠯᠡᠵᠦ ᠨᠠᠩᠭᠢ ᠪᠣᠣᠪᠤ ᠪᠠᠷᠢᠭᠤᠯᠵᠤ᠂ ᠪᠣᠷᠤᠯᠠᠭᠤᠯᠭ᠎ᠠ ᠰᠠᠶᠢᠲᠠᠢ ᠤᠯᠠᠷᠢᠯ ᠳᠤ ᠪᠠᠶᠢᠩᠭᠤ 6 ᠠᠵᠢᠯᠴᠢᠨ ᠬᠡᠷᠡᠭᠯᠡᠵᠦ᠂ ᠡᠷᠭᠢᠨ ᠲᠣᠭᠤᠷᠢᠨ ᠤ ᠲᠠᠷᠢᠶᠠᠯᠠᠬᠤ ᠡᠷᠦᠭᠡ ᠶᠢ ᠭᠡᠷ ᠤᠨ ᠬᠠᠪᠢ ᠳᠤᠨᠢ ᠠᠵᠢᠯ ᠣᠯᠭᠤᠵᠤ ᠪᠠᠶᠢᠨ᠎ᠠ᠃ ︽ᠪᠢ ᠡᠳᠦᠷ ᠪᠦᠷᠢ ᠭᠡᠷ ᠤᠨ ᠠᠵᠢᠯ ᠢᠶᠠᠨ ᠬᠢᠵᠦ ᠪᠠᠷᠠᠭᠠᠳ ᠦᠳᠡ ᠶᠢᠨ ᠬᠤᠶᠢᠨ᠎ᠠ ᠠᠳᠡ ᠢᠷᠡᠵᠥ 5 - 6 ᠴᠠᠭ ᠠᠵᠢᠯᠯᠠᠳᠠᠭ᠂ ᠢᠩᠭᠢᠵᠦ ᠭᠡᠷ ᠤᠨ ᠢᠶᠠᠨ ᠥᠢᠷᠠᠯᠴᠠᠭ᠎ᠠ ᠠᠵᠢᠯᠯᠠᠵᠤ ᠵᠣᠭᠤᠰ ᠣᠯᠬᠤ ᠪᠣᠯᠤᠭᠰᠠᠨ ᠳᠠᠭᠠᠨ ᠲᠤᠩ ᠣᠯᠵᠠᠭᠤᠷᠬᠠᠵᠤ ᠪᠠᠶᠢᠨ᠎ᠠ︾ ᠭᠡᠵᠦ ᠯᠢᠦ ᠣᠪᠣᠭᠲᠤ ᠶᠢᠨ ᠨᠠᠩᠭᠢ ᠪᠣᠣᠪᠤ ᠶᠢᠨ ᠳᠡᠯᠭᠡᠭᠦᠷ ᠲᠤ ᠠᠵᠢᠯᠯᠠᠵᠤ ᠪᠠᠶᠢᠭ᠎ᠠ ᠴᠧᠨ ᠢᠦᠢ ᠷᠦᠩ ᠬᠡᠯᠡᠨ᠎ᠡ᠃      ᠣᠳᠣᠬᠠᠨ ᠳᠤ ᠯᠢᠦ ᠶᠤᠸᠠᠢ ᠶᠢᠩ ᠤᠨ ᠨᠠᠩᠭᠢ ᠪᠣᠣᠪᠤ ᠶᠢᠨ ᠳᠡᠯᠭᠡᠭᠦᠷ ᠨᠢ ᠡᠷᠭᠢᠨ ᠲᠣᠭᠤᠷᠢᠨ ᠤ 20 ᠭᠠᠷᠤᠢ ᠬᠤᠳᠠᠯᠳᠤᠭᠠᠨ ᠤ ᠳᠡᠯᠭᠡᠭᠦᠷ ᠲᠠᠢ ᠬᠠᠮᠲᠤᠷᠠᠯᠴᠠᠭᠠᠨ ᠤ ᠵᠠᠬᠢᠶᠠᠯᠠᠭ᠎ᠠ ᠲᠣᠬᠢᠷᠠᠯᠴᠠᠵᠤ᠂ ᠨᠢᠭᠡ ᠡᠳᠦᠷ ᠬᠠᠮᠤᠭ ᠤᠨ ᠠᠷᠪᠢᠨ ᠳᠠᠭᠠᠨ 4000 ᠭᠠᠷᠤᠢ ᠨᠠᠩᠭᠢ ᠪᠣᠣᠪᠤ ᠪᠣᠷᠣᠯᠠᠭᠤᠯᠤᠨ᠂ ᠣᠷᠳᠣᠰ ᠬᠤᠳᠠ ᠪᠠ ᠭᠦᠭᠡᠬᠤᠲᠠ ᠵᠡᠷᠭᠡ ᠭᠠᠵᠠᠷ ᠤᠨ ᠵᠠᠬᠢᠶᠠᠯᠠᠭ᠎ᠠ ᠶᠢ ᠴᠤ ᠲᠤᠰᠴᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ