ᠣᠶᠢᠷ᠎ᠠ ᠳᠤ᠂ ᠵᠠᠮ ᠬᠠᠷᠢᠯᠴᠠᠭᠠᠨ ᠤ ᠪᠠᠩᠬᠢ ᠶᠢᠨ ᠬᠤᠷᠢᠨᠭᠡᠷ ᠰᠢᠨ᠎ᠡ ᠲᠣᠭᠤᠷᠢᠭ ᠤᠨ ᠳ᠋ᠠᠶᠢᠲ᠋ᠠ ᠶᠢᠨ ᠲᠥᠪ ᠤᠨ ᠨᠢᠭᠡᠳᠦᠭᠡᠷ ᠬᠤᠭᠤᠴᠠᠭᠠᠨ ᠤ ᠲᠦᠷᠦᠯ | ᠵᠦᠢᠯ ᠤᠨ ᠭᠤᠣᠯ ᠪᠦᠲᠦᠴᠡ ᠶᠢᠨ ᠪᠠᠷᠢᠯᠭ᠎ᠠ ᠶᠢᠨ ᠠᠵᠢᠯ ᠪᠦᠭᠦ ᠲᠠᠯ᠎ᠠ ᠪᠠᠷ ᠳᠠᠭᠤᠰᠪᠠ᠃ | ᠵᠠᠮ ᠬᠠᠷᠢᠯᠴᠠᠭᠠᠨ ᠤ ᠪᠠᠩᠬᠢ ᠶᠢᠨ ᠬᠤᠷᠢᠨᠭᠡᠷ ᠰᠢᠨ᠎ᠡ ᠲᠣᠭᠤᠷᠢᠭ ᠤᠨ ᠳ᠋ᠠᠶᠢᠲ᠋ᠠ ᠶᠢᠨ ᠲᠥᠪ ᠤᠨ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠲᠦᠷᠦᠯ ᠵᠦᠢᠯ ᠪᠣᠯᠣᠨ᠎ᠠ᠃ ᠡᠨᠡ ᠵᠢᠯ ᠤᠨ 7 ᠰᠠᠷ᠎ᠠ ᠠᠴᠠ ᠡᠬᠢᠯᠡᠨ ᠪᠠᠶᠢᠭᠤᠯᠵᠤ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 15 ᠳ᠋ᠦᠩᠰᠢᠭᠤᠷ ᠲᠥᠭᠦᠷᠢᠭ ᠲᠤ ᠬᠦᠷᠴᠦ᠂ 2800 ᠮᠠᠰᠢᠨ ᠤ ᠬᠤᠷᠭᠤ᠂ 5.2 ᠲᠦᠮᠡᠨ ᠦᠢᠯᠡᠴᠢᠯᠡᠭᠦᠷ | ᠮᠠᠰᠢᠨ ᠢ ᠪᠠᠶᠢᠷᠢᠯᠠᠭᠤᠯᠵᠤ᠂ 2 ᠰᠠᠭᠤᠷᠢ ᠮᠠᠰᠢᠨ ᠤ ᠭᠡᠷ ᠤᠨ ᠠᠰᠠᠷ᠂ 1 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡᠨ ᠤ ᠠᠰᠠᠷ᠂ 1 ᠬᠥᠳᠡᠯᠭᠡᠬᠦ ᠬᠦᠴᠦᠨ ᠤ | ᠠᠰᠠᠷ᠂ 1 ᠰᠠᠭᠤᠷᠢ ᠠᠯᠪᠠᠨ ᠠᠰᠠᠷ ᠪᠠ 1 ᠰᠠᠭᠤᠷᠢ ᠳᠠᠭᠠᠯᠲᠠ ᠭᠡᠷ ᠢ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ | ᠵᠠᠮ ᠬᠠᠷᠢᠯᠴᠠᠭᠠᠨ ᠤ ᠪᠠᠩᠬᠢ ᠶᠢᠨ ᠬᠤᠷᠢᠨᠭᠡᠷ ᠳ᠋ᠠᠶᠢᠲ᠋ᠠ ᠶᠢᠨ ᠲᠥᠪ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠨᠢ ᠪᠦᠲᠦᠭᠡᠨ ᠪᠠᠶᠢᠭᠤᠯᠬᠤ | ᠶᠠᠪᠤᠴᠠ ᠳᠤ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠶᠠᠰᠤ ᠴᠢᠨᠠᠷ ᠢ ᠴᠢᠩᠭ᠎ᠠ ᠪᠠᠲᠤᠯᠠᠨ᠂ ᠭᠤᠣᠯ ᠪᠦᠲᠦᠴᠡ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠡᠭᠦᠷᠭᠡ ᠶᠢ 10 ᠡᠳᠦᠷ ᠤᠷᠢᠳᠴᠢᠯᠠᠨ ᠪᠡᠶᠡᠯᠡᠭᠦᠯᠪᠡ᠃ ᠰᠡᠭᠦᠯᠴᠢ ᠶᠢᠨ ᠬᠤᠭᠤᠴᠠᠭᠠᠨ ᠳᠤ ᠪᠦᠭᠦ ᠲᠠᠯ᠎ᠠ ᠪᠠᠷ | ᠪᠠᠷᠢᠯᠭ᠎ᠠ ᠶᠢᠨ ᠠᠵᠢᠯ᠂ ᠤᠭᠰᠠᠷᠠᠬᠤ᠂ ᠴᠢᠮᠡᠭᠯᠡᠬᠦ ᠵᠡᠷᠭᠡ ᠠᠵᠢᠯ ᠤᠨ ᠱᠠᠲᠤᠨ ᠳᠤ ᠣᠷᠣᠬᠤ ᠪᠣᠯᠣᠨ᠎ᠠ᠃ 2025 ᠣᠨ ᠤ 11 ᠰᠠᠷ᠎ᠠ ᠳᠤ ᠲᠥᠬᠦᠭᠡᠷᠦᠮᠵᠢ ᠶᠢ | ᠲᠣᠬᠢᠷᠠᠭᠤᠯᠤᠨ ᠲᠤᠷᠰᠢᠬᠤ ᠪᠠᠷ ᠲᠥᠯᠥᠪᠯᠡᠵᠦ᠂ 2026 ᠣᠨ ᠤ 3 ᠰᠠᠷ᠎ᠠ ᠳᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ᠂ 2026 ᠣᠨ ᠤ 6 | ᠰᠠᠷ᠎ᠠ ᠳᠤ ᠵᠠᠮ ᠬᠠᠷᠢᠯᠴᠠᠭᠠᠨ ᠤ ᠪᠠᠩᠬᠢ ᠶᠢᠨ ᠳ᠋ᠠᠶᠢᠲ᠋ᠠ ᠶᠢᠨ ᠲᠥᠪ ᠲᠤ ᠵᠢᠩᠬᠢᠨᠢ ᠪᠠᠷ ᠰᠢᠯᠵᠢᠭᠦᠯᠦᠨ ᠲᠤᠰᠢᠶᠠᠬᠤ ᠪᠠᠷ ᠪᠠᠶᠢᠨ᠎ᠠ᠃ ᠳᠠᠷᠠᠭ᠎ᠠ ᠨᠢ ᠬᠤᠶᠠᠳᠤᠭᠠᠷ | ᠬᠤᠭᠤᠴᠠᠭᠠᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠲᠣᠰ ᠲᠥᠷᠥᠯ ᠵᠦᠢᠯ ᠨᠢ ᠵᠢᠷᠤᠵᠤ ᠲᠥᠯᠥᠪᠯᠡᠬᠦ᠂ ᠲᠥᠯᠥᠪᠵᠢᠭᠦᠯᠬᠦ᠂ ᠬᠢᠨᠠᠨ | ᠵᠥᠪᠰᠢᠶᠡᠷᠡᠬᠦ᠂ ᠠᠵᠢᠯ ᠡᠬᠢᠯᠡᠭᠦᠯᠬᠦ ᠵᠥᠪᠰᠢᠶᠡᠷᠡᠯ ᠣᠯᠣᠭᠰᠠᠨ ᠠᠴᠠ ᠬᠤᠷᠢᠨᠭᠡᠷ ᠰᠢᠨ᠎ᠡ ᠲᠣᠭᠤᠷᠢᠭ ᠤᠨ ᠬᠦᠴᠦᠲᠡᠢ ᠳᠡᠮᠵᠢᠯᠭᠡ ᠶᠢ ᠣᠯᠵᠤ᠂ ︽ᠭᠠᠵᠠᠷ | ᠣᠯᠣᠮᠠᠭᠴᠠ ᠠᠵᠢᠯ ᠢᠶᠠᠨ ᠡᠬᠢᠯᠡᠭᠦᠯᠬᠦ︾ ᠠᠮᠠᠯᠠᠯᠲᠠ ᠪᠠᠨ ᠦᠨᠡᠨ ᠬᠦ ᠪᠡᠶᠡᠯᠡᠭᠦᠯᠵᠦ᠂ ᠭᠦᠭᠡᠬᠤᠲᠠ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠶᠡᠭᠡ ᠪᠠᠷ | ᠳᠡᠭᠡᠭᠰᠢᠯᠡᠭᠰᠡᠨ ᠢ ᠬᠠᠷᠠᠭᠤᠯᠵᠤ᠂ ᠬᠦᠷᠢᠶᠡᠯᠡᠩ ᠲᠣᠭᠤᠷᠢᠭ ᠲᠤ ᠨᠤᠲᠤᠭᠰᠢᠭᠰᠠᠨ ᠠᠵᠤ ᠠᠬᠤᠶᠢᠯᠠᠯ ᠳᠤ ᠬᠦᠴᠦᠲᠡᠢ ᠳᠡᠮᠵᠢᠯᠭᠡ ᠦᠵᠡᠭᠦᠯᠭᠦ ᠪᠣᠯᠣᠨ᠎ᠠ᠃ | ᠲᠤᠰ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠵᠠᠮ ᠬᠠᠷᠢᠯᠴᠠᠭᠠᠨ ᠤ ᠪᠠᠩᠬᠢ ᠶᠢᠨ ᠰᠢᠰᠲ᠋ᠧᠮ ᠤᠨ ᠥᠨᠳᠥᠷ ᠨᠠᠶᠢᠳᠠᠪᠤᠷᠢᠲᠤ ᠴᠢᠨᠠᠷ ᠢ | ᠠᠬᠢᠭᠤᠯᠬᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠴᠢᠬᠤᠯᠠ ᠠᠴᠢ ᠬᠤᠯᠪᠣᠭᠳᠠᠯ ᠦᠵᠡᠭᠦᠯᠭᠦ ᠶᠤᠮ᠃ | | | | |