ᠪᠣᠣ ᠭᠠᠩ ᠬᠤᠷᠠᠯ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ | ᠲᠤᠬᠠᠢ ᠴᠢᠬᠤᠯᠠ ᠵᠢᠭᠠᠪᠤᠷᠢ ᠪᠣᠯᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ | ᠦᠶ᠎ᠡ᠂ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ᠂ ᠣᠣᠮᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ | ᠰᠤᠷᠭᠠᠭᠤᠯᠢ ᠪᠣᠯᠤᠨ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠢ ᠰᠢᠨᠵᠢᠯᠡᠨ ᠪᠠᠶᠢᠴᠠᠭᠠᠬᠤ ᠦᠶ᠎ᠡ᠂ ᠣᠣᠮᠧᠨ ᠤ ᠡᠬᠡ ᠤᠯᠤᠰ ᠲᠠᠭᠠᠨ | ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ | ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠤ ᠲᠥᠪ ᠬᠤᠲᠠ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠤᠨ ᠬᠥᠳᠡᠭᠡ ᠲᠣᠰᠬᠤᠨ ᠤ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠬᠥᠳᠡᠭᠡ | ᠲᠣᠰᠬᠤᠨ ᠢ ᠲᠦᠷᠭᠡᠨ ᠪᠠᠶᠢᠭᠤᠯᠬᠤ ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠲᠠᠢ ᠴᠢᠯᠥᠭᠡᠲᠦ ᠠᠷᠠᠯᠵᠢᠶᠠᠨ ᠤ ᠣᠷᠣᠨ ︵ᠭᠠᠷᠠᠮ︶ ᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ᠂ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠰᠤᠷᠤᠯᠴᠠᠵᠤ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠣᠨᠴᠠᠯᠢᠭ ᠪᠠ ᠣᠷᠣᠨ ᠪᠠᠶᠢᠷᠢ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠷᠠᠯᠵᠢᠶ᠎ᠠ ᠶᠢ ᠳᠥᠭᠦᠮᠴᠢᠯᠡᠬᠦ᠂ ᠭᠠᠳᠠᠭᠠᠳᠤ ᠠᠷᠠᠯᠵᠢᠶ᠎ᠠ ᠶᠢ ᠵᠥᠪᠰᠢᠶᠡᠷᠡᠨ ᠣᠷᠣᠭᠤᠯᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢ ᠬᠠᠮᠠᠭᠠᠯᠠᠬᠤ᠂ ᠪᠣᠭᠤᠮᠲᠠ ᠪᠠᠷ ᠥᠩᠭᠡᠷᠡᠬᠦ ᠳᠤ ᠪᠠᠶᠢᠴᠠᠭᠠᠨ ᠰᠢᠯᠭᠠᠬᠤ ᠵᠡᠷᠭᠡ ᠲᠦᠷᠢᠮ ᠢ ᠡᠷᠲᠡᠬᠡᠨ ᠰᠤᠳᠤᠯᠵᠤ᠂ ᠳᠤᠮᠳᠠᠳᠤ ᠤᠯᠤᠰ ︵ᠥᠪᠥᠷ ᠮᠣᠩᠭᠤᠯ︶ ᠤᠨ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠬᠡᠰᠡᠭ ᠣᠷᠣᠨ ᠤ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ | ᠪᠡᠯᠡᠳᠬᠡᠯ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠶ᠃ ᠶᠡᠭᠡ ᠪᠤᠯᠤᠩ ᠤᠨ ᠣᠷᠣᠨ ᠯᠤᠭ᠎ᠠ ᠶᠢᠨ ᠰᠣᠯᠢᠯᠴᠠᠭ᠎ᠠ ᠵᠣᠯᠭᠠᠯᠴᠠᠭ᠎ᠠ ᠪᠣᠯᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠯᠧᠺᠲᠷᠤᠨ ᠮᠡᠳᠡᠭᠡ ᠵᠠᠩᠭᠢ᠂ ᠠᠮᠢᠳᠤ ᠪᠣᠳᠠᠰ ᠤᠨ ᠡᠮ ᠡᠮᠨᠡᠯᠭᠡ᠂ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠣᠳᠣᠬᠢᠴᠢᠯᠠᠯᠲᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠮᠠᠨ ᠤ ᠬᠤᠳᠠ ᠶᠢᠨ ᠤᠢᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠡᠯ᠎ᠡ ᠬᠤᠰᠢᠭᠤ ᠰᠢᠶᠠᠨ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ | ᠴᠠᠭ ᠢᠮᠠᠭᠲᠠ ᠴᠢᠩᠭᠠᠷᠠᠭᠤᠯᠵᠤ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯ ᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ | ᠠᠵᠢᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠵᠢᠯ ᠤᠨ ᠡᠴᠦᠰ ᠤᠨ | ᠡᠯ᠎ᠡ ᠲᠦᠷᠦᠯ ᠤᠨ ᠠᠵᠢᠯᠯᠠᠭ᠎ᠠ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠠᠳᠬᠤᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠬᠦᠮᠦᠰ ᠢ | ᠬᠦᠳᠦᠯᠥᠨ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠬᠤ ᠭᠠᠯ ᠤᠨᠲᠠᠷᠠᠭᠠᠬᠤ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠨᠢᠭᠡᠳᠦᠯᠲᠡᠢ | ᠲᠥᠯᠥᠪᠵᠢᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠲᠣᠬᠢᠷᠠᠭᠤᠯᠬᠤ ᠪᠠ ᠢᠳᠡᠭᠡᠨ ᠤᠮᠳᠠᠭᠠᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠢᠳᠡᠭᠡᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ | ᠠᠮᠢᠳᠤᠷᠠᠯ ᠤᠨ ᠴᠢᠬᠤᠯᠠ ᠲᠠᠸᠠᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃ ᠪᠠᠶᠠᠷ ᠤᠨ ᠡᠳᠦᠷ ᠤᠨ | ᠬᠤᠭᠤᠴᠠᠭᠠᠨ ᠳᠤ ᠬᠤᠳᠠ ᠶᠢᠨ ᠴᠠᠬᠢᠯᠭᠠᠨ ᠬᠠᠩᠭᠠᠬᠤ᠂ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ ᠵᠡᠷᠭᠡ ᠠᠵᠢᠯᠯᠠᠭᠠᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠬᠤᠳᠠ ᠶᠢᠨ ᠠᠷᠠᠳ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠬᠤᠲᠠ ᠶᠢ ᠪᠥᠲᠥᠭᠡᠨ ᠪᠠᠶᠢᠭᠤᠯᠵᠤ ᠤᠷᠤᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠨ᠂ ᠰᠠᠨᠠᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠡᠭᠦᠷᠭᠡ ᠴᠢᠳᠠᠪᠤᠷᠢ | ᠡᠭᠦᠷᠭᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠤᠯᠠᠮᠵᠢᠯᠠᠯᠲᠤ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠢᠶᠠᠷᠤᠯᠲᠠ ᠶᠢᠨ ᠵᠠᠭᠪᠤᠷ ᠢ ᠡᠪᠳᠡᠵᠦ᠂ | ︽ᠪᠠᠭᠤᠯᠭᠠᠬᠤ︾ ᠳᠡᠭᠡᠷ᠎ᠡ ᠢᠯᠡᠭᠦᠬᠡᠨ ᠬᠦᠴᠦ ᠲᠠᠯᠪᠢᠵᠤ᠂ ︽ᠬᠠᠮᠢᠶᠠᠷᠬᠤ︾ ᠠᠵᠢᠯ ᠢ ᠳᠤᠲᠠᠭᠤ ᠬᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠬᠦᠯᠢᠶᠡᠰᠦ ᠶᠢ | ᠰᠤᠯᠠᠷᠠᠭᠤᠯᠤᠨ ᠳᠠᠷᠤᠭᠠᠰᠤ ᠶᠢ ᠬᠦᠩᠭᠡᠯᠡᠵᠦ᠂ ᠡᠷᠬᠡ ᠶᠢ ᠪᠠᠭᠤᠯᠭᠠᠵᠤ ᠴᠢᠳᠠᠪᠤᠷᠢ ᠣᠯᠭᠤᠬᠤ ᠬᠡᠷᠡᠭᠲᠡᠶ᠃ ᠪᠣᠳᠠᠲᠤ ᠠᠮᠵᠢᠯᠲᠠ ᠪᠦᠲᠦᠮᠵᠢ ᠶᠢ ᠨᠡᠩ ᠴᠢᠬᠤᠯᠠᠴᠢᠯᠠᠵᠤ᠂ ᠬᠦᠴᠦᠯᠡᠬᠦ | ᠴᠡᠭ ᠢᠶᠠᠨ ᠣᠷᠣᠨ ᠤ ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾ ᠠᠰᠠᠭᠤᠳᠠᠯ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠠᠬᠤᠶᠢᠯᠠᠯ ᠳᠤ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠦᠬᠦ ᠬᠤᠲᠠ ᠶᠢᠨ ︽ᠵᠢᠷᠭᠤᠭᠠᠨ ᠶᠡᠭᠡ | ᠠᠵᠤ ᠦᠢᠯᠡᠰ ᠤᠨ ᠪᠥᠭᠡᠮᠨᠡᠷᠡᠯ︾ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ |