ᠭᠦᠭᠡᠬᠤᠲᠠ ᠤᠳᠠᠯ ᠦᠭᠡᠢ ᠨᠢᠭᠡᠨ ᠳᠠᠯᠠᠪᠠᠢ ᠠᠽᠢᠶ᠎ᠠ ᠲᠢᠪ ᠤᠨ ᠬᠥᠯ ᠪᠥᠮᠪᠦᠭᠡ ᠶᠢᠨ ᠲᠠᠪᠴᠠᠩ ᠤᠨ ᠲᠡᠷᠢᠭᠦᠨ ᠲᠠᠰ ᠤᠨ ᠦᠪᠡᠳᠡᠭᠰᠢ ᠴᠤᠭᠯᠠᠭᠠᠨ ᠢ | ᠤᠭᠲᠤᠬᠤ ᠭᠡᠵᠦ ᠪᠠᠶᠢᠨ᠎ᠠ᠂ 2025 ᠣᠨ ᠤ ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠤᠭ᠎ᠠ ᠶᠢᠨ ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠠᠽᠢᠶ᠎ᠠ | ᠲᠢᠪ ᠬᠤᠨᠳᠠᠭᠠᠲᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ 2025 ᠣᠨ ᠤ 5 ᠰᠠᠷ᠎ᠠ ᠶᠢᠨ 7 ᠤ ᠡᠳᠦᠷ ᠠᠴᠠ 18 ᠤ ᠡᠳᠦᠷ ᠪᠤᠯᠲᠠᠯ᠎ᠠ | ᠭᠦᠭᠡᠬᠤᠲᠠ ᠳᠤ ᠶᠠᠪᠤᠭᠳᠠᠨ᠎ᠠ᠃ | | | | | ᠭᠦᠭᠡᠬᠤᠲᠠ ᠡᠷᠭᠢᠯᠡᠭᠦ ᠭᠠᠵᠠᠷ ᠪᠣᠯᠤᠭᠰᠠᠨ ᠤ ᠬᠤᠪᠢ ᠳᠤ ᠮᠠᠰᠢ ᠣᠯᠠᠨ ᠳᠠᠪᠠᠭᠤᠯᠢᠭ ᠲᠠᠯ᠎ᠠ ᠲᠠᠢ ᠪᠠᠶᠢᠵᠤ᠂ ᠣᠶᠢᠷ᠎ᠠ ᠶᠢᠨ ᠵᠢᠯ ᠤᠳ ᠲᠤ ᠡᠯ᠎ᠡ | ᠲᠥᠷᠥᠯ ᠤᠨ ᠤᠷᠤᠯᠳᠤᠭᠠᠨ ᠤ ᠶᠠᠪᠤᠳᠠᠯ ᠢ ᠡᠷᠭᠢᠯᠡᠭᠦ ᠲᠠᠯ᠎ᠠ ᠪᠠᠷ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ | ᠪᠠ ᠢᠵᠢ ᠪᠦᠷᠢᠳᠦᠭᠰᠡᠨ ᠦᠢᠯᠡᠴᠢᠯᠡᠭᠡ ᠶᠢ ᠪᠦᠷᠢᠯᠳᠦᠭᠦᠯᠦᠭᠰᠡᠨ ᠪᠠᠶᠢᠨ᠎ᠠ᠃ ᠡᠨᠡ ᠤᠳᠠᠭ᠎ᠠ ᠶᠢᠨ ᠠᠽᠢᠶ᠎ᠠ ᠲᠢᠪ ᠬᠤᠨᠳᠠᠭᠠᠲᠤ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠢ ᠡᠷᠭᠢᠯᠡᠭᠦ ᠨᠢ ᠭᠦᠭᠡᠬᠤᠲᠠ ᠶᠢᠨ ᠣᠯᠠᠨ ᠤᠯᠤᠰ ᠤᠨ ᠪᠡᠶ᠎ᠡ ᠶᠢᠨ ᠲᠠᠮᠢᠷ ᠤᠨ ᠬᠦᠷᠢᠶᠡᠨ ᠳᠠᠬᠢ ᠠᠯᠳᠠᠷᠰᠢᠯ ᠪᠠ ᠨᠥᠯᠥᠭᠡᠯᠡᠬᠦ ᠬᠦᠴᠦᠨ ᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠨᠢ ᠳᠠᠮᠵᠢᠭ ᠦᠭᠡᠢ | ᠶᠤᠮ᠃ | ᠣᠶᠢᠯᠠᠭᠠᠭᠰᠠᠨ ᠢᠶᠠᠷ᠂ ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠤᠭ᠎ᠠ ᠶᠢᠨ ᠠᠵᠢᠯᠯᠠᠬᠤ ᠳᠤᠭᠤᠶᠢᠯᠠᠩ 12 ᠰᠠᠷ᠎ᠠ ᠶᠢᠨ 19 ᠤ ᠡᠳᠦᠷ ᠠᠴᠠ | 21 ᠤ ᠡᠳᠦᠷ ᠪᠤᠯᠲᠠᠯ᠎ᠠ ᠵᠢᠩᠬᠢᠨᠢ ᠤᠷᠤᠯᠳᠤᠭᠠᠨ ᠤ ᠲᠠᠯᠠᠪᠤᠷ᠂ ᠪᠣᠯᠪᠠᠰᠤᠷᠠᠯ ᠤᠨ ᠲᠠᠯᠠᠪᠤᠷ ᠵᠢᠴᠢ ᠤᠷᠤᠯᠳᠤᠭᠠᠨ ᠤ ᠵᠣᠬᠢᠶᠠᠨ ᠪᠠᠶᠢᠭᠤᠯᠤᠯᠲᠠ ᠶᠢᠨ ᠰᠢᠪᠠᠭ᠎ᠠ | ᠰᠤᠭᠤᠯᠬᠤ ᠶᠠᠪᠤᠳᠠᠯ ᠵᠡᠷᠭᠡ ᠲᠠᠯ᠎ᠠ ᠳᠤ ᠲᠤᠬᠠᠢ ᠶᠢᠨ ᠭᠠᠵᠠᠷ ᠤᠨ ᠰᠢᠯᠭᠠᠯᠲᠠ ᠪᠠ ᠪᠠᠶᠢᠴᠠᠭᠠᠯᠲᠠ ᠬᠢᠵᠡᠢ᠃ | | | | | ᠳᠡᠭᠡᠳᠦ ᠲᠡᠰ ᠤᠨ ᠤᠷᠤᠯᠳᠤᠭᠠᠨ | ᠠᠽᠢᠶ᠎ᠠ ᠲᠢᠪ ᠤᠨ ᠬᠥᠯ ᠪᠥᠮᠪᠥᠭᠡᠨ ᠤ ᠬᠤᠯᠪᠤᠭ᠎ᠠ ᠶᠢᠨ ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠠᠽᠢᠶ᠎ᠠ ᠲᠢᠪ | ᠬᠤᠨᠳᠠᠭᠠᠲᠤ ᠤᠷᠤᠯᠳᠤᠭᠠᠨ ᠪᠣᠯ ᠠᠽᠢᠶ᠎ᠠ ᠲᠢᠪ ᠤᠨ ᠬᠥᠯ ᠪᠥᠮᠪᠦᠭᠡ ᠶᠢᠨ ᠬᠤᠯᠪᠤᠭ᠎ᠠ ᠶᠢᠨ ᠳᠣᠣᠷᠠᠬᠢ ᠬᠠᠮᠤᠭ ᠤᠨ ᠳᠡᠭᠡᠳᠦ ᠳᠡᠰ ᠤᠨ ᠡᠮᠡᠭᠲᠡᠢ ᠶᠢᠨ ᠲᠠᠪᠤᠨ | ᠬᠥᠮᠥᠨ ᠤ ᠳᠦᠷᠢᠮᠲᠦ ᠬᠥᠯ ᠪᠥᠮᠪᠦᠭᠡ ᠶᠢᠨ ᠣᠯᠠᠨ ᠤᠯᠤᠰ ᠤᠨ ᠤᠷᠤᠯᠳᠤᠭᠠᠨ ᠪᠣᠯᠣᠨ᠎ᠠ᠂ ᠠᠩᠬᠠᠳᠤᠭᠠᠷ ᠬᠤᠭᠤᠴᠠᠭᠠᠨ ᠤ ᠤᠷᠤᠯᠳᠤᠭᠠᠨ ᠢ 2015 | ᠣᠨ ᠳᠤ ᠮᠠᠯᠠᠶᠢᠰᠢᠶ᠎ᠠ ᠳᠤ ᠶᠠᠪᠤᠭᠳᠠᠭᠤᠯᠵᠤ᠂ ᠬᠤᠶᠠᠳᠤᠭᠠᠷ ᠬᠤᠭᠤᠴᠠᠭᠠᠨ ᠤ ᠤᠷᠤᠯᠳᠤᠭᠠᠨ ᠢ 2018 ᠣᠨ ᠳᠤ ᠲᠠᠢ ᠤᠯᠤᠰ ᠲᠤ ᠶᠠᠪᠤᠭᠳᠠᠭᠤᠯᠵᠤ᠂ | 2025 ᠣᠨ ᠳᠤ ᠠᠽᠢᠶ᠎ᠠ ᠲᠢᠪ ᠤᠨ ᠬᠥᠯ ᠪᠥᠮᠪᠥᠭᠡᠨ ᠤ ᠬᠤᠯᠪᠤᠭ᠎ᠠ ᠶᠢᠨ ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠠᠽᠢᠶ᠎ᠠ ᠲᠢᠪ | ᠬᠤᠨᠳᠠᠭᠠᠲᠤ ᠬᠥᠯ ᠪᠥᠮᠪᠦᠭᠡ ᠶᠢᠨ ᠤᠷᠤᠯᠳᠤᠭᠠᠨ ᠢ ᠠᠩᠬ᠎ᠠ ᠤᠳᠠᠭ᠎ᠠ ᠳᠤᠮᠳᠠᠳᠤ ᠤᠯᠤᠰ ᠲᠤ ᠣᠷᠣᠭᠤᠯᠬᠤ ᠪᠠᠷ ᠪᠣᠯᠤᠭᠰᠠᠨ ᠪᠠᠶᠢᠨ᠎ᠠ᠃ | ᠤᠷᠤᠯᠳᠤᠭᠠᠨ ᠤ ᠳᠡᠰ ᠳᠡᠪᠰᠢᠯᠳᠡ | ᠲᠣᠰ ᠤᠳᠠᠭᠠᠨ ᠤ ᠤᠷᠤᠯᠳᠤᠭᠠᠨ ᠪᠣᠯ ᠨᠡᠷ᠎ᠡ ᠪᠠᠨ ᠬᠠᠯᠠᠭᠰᠠᠨ ᠤ ᠳᠠᠷᠠᠭ᠎ᠠ ︵ᠤᠤᠯ ᠨᠡᠷ᠎ᠡ ᠨᠢ᠄ ᠡᠮᠡᠭᠲᠡᠢ ᠶᠢᠨ ᠲᠠᠪᠤᠨ ᠬᠥᠮᠥᠨ ᠤ ᠳᠦᠷᠢᠮᠲᠦ ᠬᠥᠯ | ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ︶ ᠰᠢᠨ᠎ᠡ ᠠᠶᠠᠯᠠᠯ ᠢᠶᠠᠨ ᠡᠬᠢᠯᠡᠭᠦᠯᠦᠭᠰᠡᠨ ᠠᠩᠬᠠᠳᠤᠭᠠᠷ ᠬᠤᠭᠤᠴᠠᠭᠠᠨ ᠤ ᠡᠮᠡᠭᠲᠡᠢ ᠶᠢᠨ ᠲᠠᠪᠤᠨ | ᠬᠥᠮᠥᠨ ᠤ ᠳᠦᠷᠢᠮᠲᠦ ᠬᠥᠯ ᠪᠥᠮᠪᠦᠭᠡ ᠶᠢᠨ ᠠᠽᠢᠶ᠎ᠠ ᠲᠢᠪ ᠬᠤᠨᠳᠠᠭᠠᠲᠤ ᠤᠷᠤᠯᠳᠤᠭᠠᠨ ᠪᠤᠯᠬᠤ ᠪᠥᠭᠡᠳ ᠮᠥᠨ ᠴᠦ ᠡᠮᠡᠭᠲᠡᠢ ᠶᠢᠨ ᠲᠠᠪᠤᠨ ᠬᠥᠮᠥᠨ ᠤ | ᠳᠦᠷᠢᠮᠲᠦ ᠳᠡᠯᠡᠬᠡᠢ ᠶᠢᠨ ᠬᠤᠨᠳᠠᠭᠠᠲᠤ ᠤᠷᠤᠯᠳᠤᠭᠠᠨ ᠤ ᠠᠽᠢᠶ᠎ᠠ ᠲᠢᠪ ᠤᠨ ᠣᠷᠣᠨ ᠤ ᠪᠡᠯᠡᠳᠬᠡᠯ ᠤᠷᠤᠯᠳᠤᠭᠠᠨ ᠪᠣᠯᠣᠨ᠎ᠠ᠂ ᠨᠡᠷ᠎ᠡ ᠪᠠᠨ ᠬᠠᠯᠠᠭᠰᠠᠨ ᠤ ᠳᠠᠷᠠᠭ᠎ᠠ | ᠬᠡᠪ ᠪᠠᠷᠢᠮᠵᠢᠶ᠎ᠠ᠂ ᠨᠥᠯᠥᠭᠡᠯᠡᠬᠦ ᠬᠦᠴᠦᠨ ᠵᠡᠷᠭᠡ ᠣᠯᠠᠨ ᠲᠠᠯ᠎ᠠ ᠪᠠᠷ ᠴᠥᠮ ᠰᠢᠨ᠎ᠡ ᠳᠡᠭᠡᠭᠰᠢᠯᠡᠯᠲᠡ ᠪᠠ ᠥᠷᠭᠡᠵᠢᠯᠲᠡ ᠶᠢ ᠤᠭᠲᠤᠨ ᠠᠪᠴᠢᠷᠠᠬᠤ ᠪᠣᠯᠣᠨ᠎ᠠ᠃ | ᠢᠷᠡᠯᠲᠡ᠄ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ | |