︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠶᠢᠨ ᠢ ᠾᠦᠢ︶ ᠣᠶᠢᠷ᠎ᠠ ᠶᠢᠨ ᠡᠳᠦᠷ᠂ ᠬᠥᠬᠡᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠠᠴᠠ ᠬᠠᠨᠳᠤᠯᠭᠠᠲᠤ ᠰᠤᠩᠭᠤᠨ ᠲᠤᠬᠢᠷᠠᠭᠤᠯᠬᠤ ᠰᠤᠷᠤᠬᠴᠢ ᠳᠤ ᠠᠵᠤ ᠠᠬᠤᠢ ᠶᠢᠨ ᠨᠥᠬᠦᠪᠥᠷᠢ ᠪᠡᠯᠡ ᠮᠦᠩᠭᠦ 314 ᠲᠦᠮᠡᠨ ᠲᠥᠭᠦᠷᠢᠭ | ᠪᠠᠭᠤᠯᠭᠠᠪᠠ᠃ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠠᠶᠢᠮᠠᠭ ᠬᠤᠲᠠ ᠶᠢᠨ ᠪᠠᠶᠢᠭᠤᠯᠤᠯᠭ᠎ᠠ ᠨᠢᠭᠡᠴᠢ ᠶᠢᠨ ᠬᠠᠨᠳᠤᠯᠭᠠᠲᠤ ᠰᠤᠩᠭᠤᠨ | ᠲᠤᠬᠢᠷᠠᠭᠤᠯᠬᠤ ᠰᠤᠷᠤᠬᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠤᠷ᠎ᠠ ᠦᠢᠯᠡᠴᠢᠯᠡᠬᠦ ᠵᠢᠯ ᠬᠤᠭᠤᠴᠠᠭ᠎ᠠ ᠨᠢ 5 ᠵᠢᠯ | ᠪᠣᠯᠤᠨ᠎ᠠ᠂ ᠡᠨᠡᠬᠦ ᠬᠤᠭᠤᠴᠠᠭᠠᠨ ᠳᠤ᠂ ᠳ᠋ᠣᠺᠲ᠋ᠣᠷᠠᠨᠲ᠂ ᠠᠰᠫᠢᠷᠠᠨᠲ ᠪᠣᠯᠤᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠭᠴᠢ ᠲᠤᠰ ᠲᠤᠰ ᠵᠢᠯ | ᠪᠦᠷᠢ 6 ᠲᠦᠮᠡᠨ ᠲᠥᠭᠦᠷᠢᠭ᠂ 4 ᠲᠦᠮᠡᠨ ᠲᠥᠭᠦᠷᠢᠭ ᠪᠣᠯᠤᠨ 2 ᠲᠦᠮᠡᠨ ᠲᠥᠭᠦᠷᠢᠭ ᠤᠨ ᠠᠵᠤ ᠠᠬᠤᠶ ᠶᠢᠨ ᠨᠥᠬᠦᠪᠥᠷᠢ ᠣᠯᠬᠤ ᠪᠣᠯᠤᠨ᠎ᠠ᠃ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠬᠠᠨᠳᠤᠯᠭᠠᠲᠤ ᠰᠤᠩᠭᠤᠨ ᠲᠤᠬᠢᠷᠠᠭᠤᠯᠬᠤ | ᠰᠤᠷᠤᠭᠴᠢᠳ ᠲᠤ ᠠᠵᠤ ᠠᠬᠤᠢ ᠶᠢᠨ ᠨᠥᠬᠦᠪᠥᠷᠢ ᠮᠥᠩᠭᠦ ᠲᠣᠬᠢᠷᠠᠭᠤᠯᠤᠨ᠎ᠠ᠃ ᠲᠣᠰ ᠤᠳᠠᠭ᠎ᠠ ᠪᠠᠭᠤᠯᠭᠠᠭᠰᠠᠨ ᠪᠠᠯᠠ ᠮᠥᠩᠭᠦ ᠨᠢ 2021 ᠣᠨ ᠠᠴᠠ | 2023 ᠤᠨ ᠬᠦᠷᠲᠡᠯᠡᠬᠢ ᠬᠠᠨᠳᠤᠯᠭᠠᠲᠤ ᠰᠤᠩᠭᠤᠨ ᠲᠤᠬᠢᠷᠠᠭᠤᠯᠬᠤ ᠰᠤᠷᠤᠬᠴᠢ ᠶᠢᠨ ᠠᠵᠤ ᠠᠬᠤᠶ ᠶᠢᠨ ᠨᠥᠬᠦᠪᠥᠷᠢ ᠮᠥᠩᠭᠦ ᠪᠣᠯᠤᠨ᠎ᠠ᠃ ᠣᠳᠣᠬᠠᠨ ᠳᠤ᠂ | ᠪᠠᠯᠠ ᠮᠥᠩᠭᠦ ᠶᠢ ᠨᠢᠭᠡᠨᠲᠡ ᠬᠠᠨᠳᠤᠯᠭᠠᠲᠤ ᠰᠤᠩᠭᠤᠨ ᠲᠤᠬᠢᠷᠠᠭᠤᠯᠬᠤ ᠰᠤᠷᠤᠬᠴᠢ ᠶᠢᠨ ᠪᠠᠶᠢᠭ᠎ᠠ ᠪᠠᠶᠢᠭᠤᠯᠭ᠎ᠠ ᠳᠤ ᠰᠢᠯᠵᠢᠭᠦᠯᠦᠨ ᠥᠭᠴᠦ᠂ ᠬᠠᠨᠳᠤᠯᠭᠠᠲᠤ | ᠰᠤᠩᠭᠤᠨ ᠲᠤᠬᠢᠷᠠᠭᠤᠯᠬᠤ ᠰᠤᠷᠤᠬᠴᠢ ᠶᠢᠨ ᠦᠢᠯᠡᠴᠢᠯᠡᠭᠡᠨ ᠤ ᠬᠤᠭᠤᠴᠠᠭᠠᠨ ᠳᠠᠬᠢ ᠠᠵᠢᠯ ᠪᠠ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ | ᠲᠡᠳᠡᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠬᠤ ᠪᠣᠯᠤᠨ᠎ᠠ᠃ ᠡᠨᠡ ᠨᠢ ᠮᠥᠨ ᠴᠤ ᠪᠦᠬᠦ | ᠬᠤᠲᠠ ᠶᠢᠨ ᠰᠢᠯᠢᠳᠡᠭ ᠴᠢᠳᠠᠪᠤᠷᠢᠲᠠᠨ ᠢ ᠲᠠᠲᠠᠬᠤ ᠪᠠ ᠦᠯᠡᠳᠡᠭᠡᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ | ᠪᠣᠯᠤᠨ᠎ᠠ᠃ |