ᠭᠦᠭᠡᠬᠤᠲᠠ 369 ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠲᠠᠢ ᠪᠣᠯᠣᠯ᠎ᠠ
ᠨᠡᠶᠢᠲᠡᠯᠡᠭᠰᠡᠨ ᠴᠠᠭ᠄
2024/12/25
      ᠰᠤᠷᠪᠤᠯᠵᠢᠯᠠᠬᠴᠢ ᠭᠦᠭᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠭᠦᠭᠡᠬᠤᠲᠠ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠳᠦᠷᠢᠮ ᠢ ᠬᠡᠷᠡᠭᠵᠢᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠶᠠᠰᠤ ᠴᠢᠨᠠᠷ ᠤᠨ ᠪᠦᠭᠦ ᠲᠠᠯ᠎ᠠ ᠶᠢᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠭᠦ ᠶᠢ ᠠᠬᠢᠭᠤᠯᠵᠤ᠂ ᠪᠦᠭᠦ ᠬᠤᠲᠠ ᠶᠢᠨ ᠠᠵᠤ ᠠᠬᠤᠶᠢᠯᠠᠯ ᠤᠨ ᠶᠠᠰᠤ ᠴᠢᠨᠠᠷ ᠤᠨ ᠦᠵᠡᠯ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠪᠠ᠃      ᠡᠨᠡ ᠵᠢᠯ ᠭᠦᠭᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠠᠵᠢᠯ ᠲᠥᠷᠥᠯ ᠤᠨ 12 ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠪᠦᠭᠦ ᠣᠷᠣᠨ ᠤ ᠠᠵᠤ ᠠᠬᠤᠶᠢᠯᠠᠯ ᠤᠨ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠠᠵᠢᠯ ᠮᠡᠷᠭᠡᠵᠢᠯ  ᠤᠨ ᠤᠷ᠎ᠠ ᠴᠢᠳᠠᠪᠤᠷᠢ ᠶᠢᠨ ᠤᠷᠤᠯᠳᠤᠭᠠᠨ ᠳᠤ ᠣᠷᠣᠯᠴᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠠᠯ᠎ᠠ ᠶᠢᠨ ᠳᠠᠪᠠᠭᠤᠯᠢᠭ ᠪᠠ ᠳᠤᠲᠠᠭᠤᠳᠠᠯ ᠢᠶᠠᠨ ᠲᠣᠳᠣᠷᠬᠠᠢ ᠮᠡᠳᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠭᠦ ᠶᠢ ᠠᠬᠢᠭᠤᠯᠪᠠ᠃ ᠡᠭᠦᠨ ᠤ ᠬᠠᠮᠲᠤ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠴᠢᠳᠠᠪᠤᠷᠢᠲᠠᠨ ᠤ ᠬᠥᠮᠥᠷᠭᠡ ᠶᠢ ᠤᠯᠠᠮ ᠴᠢᠨᠠᠭᠰᠢᠳᠠ ᠲᠡᠭᠦᠯᠳᠡᠷᠵᠢᠭᠦᠯᠦᠨ ᠰᠢᠨᠡᠳᠬᠡᠵᠦ᠂ ᠴᠢᠳᠠᠪᠤᠷᠢᠲᠠᠨ ᠤ ᠮᠡᠳᠡᠭᠡ ᠵᠠᠩᠭᠢ ᠶᠢ ᠪᠦᠭᠦ ᠲᠠᠯ᠎ᠠ ᠪᠠᠷ ᠡᠮᠬᠢᠯᠡᠬᠦ ᠪᠠ ᠬᠥᠳᠡᠯᠦᠩᠭᠦᠢ ᠪᠠᠷ ᠬᠠᠮᠢᠶᠠᠷᠴᠤ᠂ ᠠᠵᠤ ᠠᠬᠤᠶᠢᠯᠠᠯ ᠬᠢᠭᠡᠳ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ  ᠶᠢᠨ ᠰᠠᠯᠠᠭ᠎ᠠ ᠮᠥᠴᠢᠷ ᠲᠤ ᠥᠨᠳᠥᠷ ᠪᠦᠲᠦᠮᠵᠢᠲᠡᠶ ᠨᠡᠪᠲᠡᠷᠡᠯᠴᠡᠬᠦ ᠬᠤᠯᠪᠣᠭᠠᠰᠤ ᠪᠠᠶᠢᠭᠤᠯᠤᠨ ᠥᠭᠴᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠰᠣᠯᠢᠯᠴᠠᠬᠤ ᠪᠠ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠬᠦᠴᠦᠲᠡᠢ ᠠᠬᠢᠭᠤᠯᠪᠠ᠃ ᠣᠳᠣᠬᠠᠨ ᠪᠤᠯᠲᠠᠯ᠎ᠠ ᠭᠦᠭᠡᠬᠤᠲᠠ ᠶᠢᠨ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠲᠤᠭ᠎ᠠ ᠨᠢᠭᠡᠨᠲᠡ 369 ᠬᠥᠮᠥᠨ ᠪᠣᠯᠵᠤ᠂ 2023 ᠣᠨ ᠤ ᠬᠢ ᠠᠴᠠ 5 ᠳᠠᠭᠢᠨ ᠨᠡᠮᠡᠭᠳᠡᠪᠡ᠃      ᠣᠶᠢᠯᠠᠭᠠᠭᠰᠠᠨ ᠢᠶᠠᠷ᠂ ᠭᠦᠭᠡᠬᠤᠲᠠ ᠲᠡᠷᠢᠭᠦᠨ ᠶᠠᠰᠤ ᠴᠢᠨᠠᠷ ᠤᠨ ᠲᠤᠰᠢᠶᠠᠯᠲᠠᠨ ᠤ ᠳᠦᠷᠢᠮ ᠢ ᠬᠡᠷᠡᠭᠵᠢᠭᠦᠯᠬᠦ ᠪᠠ ᠲᠡᠭᠦᠯᠳᠡᠷᠵᠢᠭᠦᠯᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠰᠦᠪᠡᠭᠴᠢᠯᠡᠨ᠂ ᠪᠦᠭᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠠᠷ ᠬᠦᠴᠦᠯᠡᠵᠦ ᠪᠤᠢ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ