| | | | ᠣᠶᠢᠷ᠎ᠠ ᠳᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠪᠥᠲᠥᠭᠡᠨ | ᠪᠠᠶᠢᠭᠤᠯᠤᠭᠰᠠᠨ ᠰᠢᠨ᠎ᠡ ᠡᠨᠧᠷᠭᠢ ᠶᠢᠨ ᠥᠷᠲᠡᠭᠡ ᠠᠴᠠ ᠶᠠᠳᠠᠮ ᠤᠨ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠬᠦᠷᠬᠦ ᠬᠤᠤᠰ | ᠪᠤᠴᠠᠯᠲᠠ ᠶᠢᠨ ᠱᠣᠭᠤᠮᠲᠤ 7 ᠨᠣᠮᠧᠷᠲᠤ ᠰᠤᠪᠤᠷᠭ᠎ᠠ ᠶᠢ ᠪᠣᠰᠬᠠᠵᠤ ᠳᠠᠭᠤᠰᠬᠠᠭᠰᠠᠨ ᠨᠢ᠂ ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠯᠭ᠎ᠠ ᠶᠢᠨ | ᠬᠦᠴᠦᠨ ᠤ ᠰᠦᠯᠵᠢᠶ᠎ᠡ︾ ᠶᠢᠨ ᠬᠤᠷᠢᠨᠭᠡᠷ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠳᠠᠬᠢ ᠪᠣᠬᠢᠷᠲᠤᠯ ᠥᠬᠡᠶ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠤᠨ ᠢᠵᠢ ᠪᠥᠷᠢᠳᠦᠭᠦᠯᠬᠦ ᠴᠠᠬᠢᠯᠭᠠᠨ ᠲᠣᠤᠷ ᠤᠨ ᠢᠨᠵᠧᠨᠧᠷᠢᠩ ᠤᠨ 127 ᠰᠠᠭᠤᠷᠢ ᠪᠠᠭᠠᠨ᠎ᠠ ᠰᠤᠪᠤᠷᠭ᠎ᠠ ᠶᠢ ᠪᠦᠬᠦᠨ ᠢ | ᠪᠣᠰᠬᠠᠵᠤ ᠳᠠᠭᠤᠰᠬᠠᠭᠰᠠᠨ ᠢ ᠬᠠᠷᠠᠭᠤᠯᠵᠤ ᠪᠠᠶᠢᠨ᠎ᠠ᠃ | ︽ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠯᠭ᠎ᠠ ᠶᠢᠨ ᠬᠦᠴᠦᠨ ᠤ ᠰᠦᠯᠵᠢᠶ᠎ᠡ︾ ᠶᠢᠨ ᠬᠤᠷᠢᠨᠭᠡᠷ ᠲᠤᠭ᠎ᠠ ᠪᠠᠷᠢᠮᠲᠠ ᠶᠢᠨ ᠲᠥᠪ ᠤᠨ | ᠪᠦᠯᠦᠭᠯᠡᠯ ᠤᠨ ᠪᠣᠬᠢᠷᠲᠤᠯ ᠥᠬᠡᠶ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ | ᠲᠤᠭ᠎ᠠ ᠪᠠᠷᠢᠮᠲᠠ ᠶᠢᠨ ᠲᠥᠪ ᠤᠨ ᠨᠣᠭᠤᠭᠠᠨ ᠴᠠᠬᠢᠯᠭᠠᠨ ᠤ ᠣᠷᠣᠯᠠᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠲᠣᠰ ᠲᠥᠷᠥᠯ ᠵᠦᠢᠯ ᠪᠠᠶᠢᠭᠤᠯᠤᠭᠳᠠᠭᠰᠠᠨ ᠤ | ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠪᠤᠳᠤᠯᠭ᠎ᠠ ᠶᠢᠨ ᠬᠦᠴᠦᠨ ᠤ ᠠᠵᠤ ᠦᠢᠯᠡᠰ ᠤᠨ ᠥᠨᠳᠥᠷ ᠪᠦᠲᠦᠮᠵᠢᠲᠡᠶ᠂ ᠳᠤᠤᠷ᠎ᠠ ᠨᠡᠭᠦᠷᠡᠰᠦᠲᠥ᠋ᠷᠥᠭᠴᠢᠲᠦ᠂ | ᠡᠷᠴᠢᠮᠯᠢᠭ᠂ ᠡᠷᠭᠢᠯᠲᠡ ᠲᠠᠢ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠵᠠᠮ ᠳᠠᠰᠢ ᠳᠠᠪᠰᠢᠬᠤ ᠶᠢ ᠠᠬᠢᠭᠤᠯᠵᠤ᠂ ᠤᠯᠤᠰ ᠤᠨ ︽ᠬᠤᠣᠰ | ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ | ᠰᠤᠷᠪᠤᠯᠵᠢᠯᠠᠭᠴᠢ ᠡᠦ ᠽᠢ ᠰᠢᠤᠸᠠᠨ ᠴᠢᠮᠡᠭᠡᠯᠡᠭᠴᠢ ᠯᠢ ᠱᠦᠨ ᠫᠧᠩ ᠰᠡᠭᠦᠳᠡᠷᠯᠡᠪᠡ |