ᠵᠠᠶᠠᠭᠠᠲᠠᠢ ︵1901.11.9-1968᠂ 3.12︶᠂ ᠡᠷᠭᠦᠭᠰᠡᠨ ᠨᠡᠷ᠎ᠡ ᠳ᠋ᠠᠢ ᠹᠧᠩ᠂ ᠬᠡᠷᠡᠭᠯᠡᠵᠦ ᠦᠩᠭᠡᠷᠡᠭᠰᠡᠨ ᠨᠡᠷ᠎ᠡ ᠨᠢ ᠵᠠᠶᠠᠭᠠᠲᠠᠢ᠂ ᠵᠤᠤ | ᠳ᠋ᠠᠨ ᠱᠧᠦ᠂ ᠯᠣᠣ ᠵᠠᠩ᠂ ᠵᠤᠤ ᠹᠦ᠋᠂ ᠸᠠᠩ ᠰᠢ᠂ ᠵᠤᠤ ᠶᠠᠨ ᠱᠧᠤ ᠵᠡᠷᠭᠡ᠂ ᠡᠷᠡᠭᠲᠡᠢ᠂ ᠮᠣᠩᠭᠤᠯ ᠦᠨᠳᠦᠰᠦᠲᠡᠨ᠂ ᠥᠪᠥᠷ ᠮᠣᠩᠭᠤᠯ ᠤᠨ ᠲᠦᠮᠡᠳ | ᠬᠤᠰᠢᠭᠤᠨ ᠤ ᠰᠠᠯᠠᠭ᠎ᠠ ᠲᠣᠰᠬᠤᠨ ᠤ ᠬᠥᠮᠥᠨ᠃ | ᠵᠠᠶᠠᠭᠠᠲᠠᠢ 1915 ᠣᠨ ᠳᠤ ᠲᠦᠮᠡᠳ ᠳᠡᠭᠡᠳᠦ ᠵᠡᠷᠭᠡ ᠶᠢᠨ ᠪᠠᠭ᠎ᠠ ᠰᠤᠷᠭᠠᠭᠤᠯᠢ ᠳᠤ ᠪᠢᠴᠢᠭ ᠦᠵᠡᠪᠡ᠃ 1920 ᠣᠨ ᠳᠤ ᠬᠦᠢᠰᠦ᠋ᠢ ᠳᠤᠮᠳᠠᠳᠤ | ᠰᠤᠷᠭᠠᠭᠤᠯᠢ ᠳᠤ ᠰᠢᠯᠭᠠᠨ ᠣᠷᠣᠵᠠᠢ᠃ ᠲᠡᠷᠡ ᠬᠥᠬᠡᠬᠤᠲᠠ ᠶᠢᠨ ᠰᠤᠷᠤᠭᠴᠢᠳ ᠤᠨ ᠡᠵᠡᠷᠬᠡᠭ ᠲᠦᠷᠢᠮᠡᠬᠡᠶᠢᠲᠡᠨ ᠢ ᠡᠰᠡᠷᠭᠦᠴᠡᠬᠦ ᠡᠬᠡ ᠣᠷᠣᠨᠴᠢ | ᠠᠵᠢᠯᠯᠠᠭ᠎ᠠ ᠶᠢ ᠵᠤᠬᠢᠶᠠᠨ ᠪᠠᠶᠢᠭᠤᠯᠬᠤ ᠳᠤ ᠣᠷᠣᠯᠴᠠᠵᠠᠢ᠃ | 1923 ᠣᠨ ᠤ ᠨᠠᠮᠤᠷ ᠵᠠᠶᠠᠭᠠᠲᠠᠢ ᠪᠡᠭᠡᠵᠢᠩ ᠤᠨ ᠮᠣᠩᠭᠤᠯ ᠲᠥᠪᠡᠳ ᠤᠨ ᠰᠤᠷᠭᠠᠭᠤᠯᠢ ᠳᠤ ᠰᠢᠯᠭᠠᠨ ᠤᠷᠤᠭᠰᠠᠨ ᠤ ᠳᠠᠷᠠᠭ᠎ᠠ᠂ ᠮᠠᠷᠺᠰ ᠤᠨ | ᠦᠵᠡᠯ ᠤᠨ ᠬᠤᠪᠢᠰᠬᠠᠯ ᠤᠨ ᠣᠨᠣᠯ ᠲᠠᠢ ᠡᠬᠢᠯᠡᠨ ᠣᠶᠢᠷᠠᠲᠤᠵᠤ᠂ 1924 ᠣᠨ ᠤ ᠡᠬᠢ ᠪᠠᠷ ᠳᠤᠮᠳᠠᠳᠤ ᠤᠯᠤᠰ ᠤᠨ ᠨᠡᠶᠢᠭᠡᠮ ᠵᠢᠷᠤᠮ ᠤᠨ | ᠵᠠᠯᠠᠭᠤᠴᠤᠳ ᠤᠨ ᠡᠪᠯᠡᠯ ᠳᠤ ᠣᠷᠣᠵᠠᠢ᠃ ᠵᠠᠶᠠᠭᠠᠲᠠᠢ 1924 ᠣᠨ ᠤ ᠡᠴᠦᠰ ᠲᠤ ᠺᠦᠢ ᠪᠢ᠂ ᠭᠤᠮᠪᠤᠵᠠᠪ᠂ ᠵᠤᠤ ᠴᠧᠩ ᠨᠠᠷ ᠲᠠᠢ ᠰᠦᠢᠶᠤᠸᠠᠨ ᠳᠤ | ᠪᠤᠴᠠᠨ ᠢᠷᠭᠡᠨ ᠤ ᠬᠤᠷᠠᠯ ᠤᠨ ᠬᠥᠳᠡᠯᠭᠡᠭᠡᠨ ᠦᠷᠨᠢᠭᠦᠯᠵᠦ᠂ ᠲᠡᠷᠡ ︽ᠰᠦᠢᠶᠤᠸᠠᠨ ᠤ ᠢᠷᠭᠡᠨ ᠤ ᠬᠤᠷᠠᠯ ᠢ ᠠᠬᠢᠭᠤᠯᠬᠤ ᠬᠤᠷᠠᠯ︾ ᠤᠨ ᠲᠥᠯᠥᠭᠡᠯᠡᠭᠴᠢ ᠪᠠᠷ | ᠰᠤᠩᠭᠤᠭᠳᠠᠵᠠᠢ᠃ 1925 ᠣᠨ ᠤ 3 ᠳ᠋ᠤᠭᠠᠷ ᠰᠠᠷ᠎ᠠ ᠳᠤ ᠪᠡᠭᠡᠵᠢᠩ ᠳᠤ ᠢᠷᠭᠡᠨ ᠤ ᠬᠤᠷᠠᠯ ᠢ ᠠᠬᠢᠭᠤᠯᠬᠤ ᠬᠤᠷᠠᠯ ᠤᠨ ᠪᠦᠬᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ ᠲᠤᠰ ᠵᠢᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠤᠯᠪᠠ᠃ | 1925 ᠣᠨ ᠤ ᠬᠠᠪᠤᠷ ᠵᠠᠶᠠᠭᠠᠲᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠮᠠᠷᠠᠲᠤ ᠣᠷᠣᠨ ᠤ ᠬᠤᠷᠢᠶ᠎ᠠ ᠶᠢᠨ ᠲᠤᠮᠢᠯᠠᠯᠲᠠ ᠪᠠᠷ | ᠰᠦᠢᠶᠤᠸᠠᠨ ᠳᠤ ᠪᠤᠴᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠢᠶᠤᠸᠠᠨ ᠣᠨᠴᠠᠭᠠᠢ ᠣᠷᠣᠨ ᠤ ᠠᠵᠢᠯ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠵᠤ᠂ ᠳᠤᠮᠳᠠᠳᠤ ᠤᠯᠤᠰ ᠤᠨ ᠭᠤᠮᠢᠨᠳᠠᠩ ᠤᠨ ᠰᠦᠢᠶᠤᠸᠠᠨ ᠣᠨᠴᠠᠭᠠᠢ ᠣᠷᠣᠨ ᠤ ᠨᠠᠮ ᠤᠨ ᠬᠤᠷᠢᠶ᠎ᠠ ᠶᠢ ᠵᠣᠬᠢᠶᠠᠨ ᠪᠠᠶᠢᠭᠤᠯᠵᠤ᠂ | ᠭᠦᠢᠴᠡᠳᠬᠡᠬᠦ ᠭᠡᠰᠢᠭᠦᠨ ᠤ ᠲᠤᠰᠢᠶᠠᠯ ᠢ ᠬᠠᠷᠢᠭᠤᠴᠠᠵᠤ ᠪᠠᠶᠢᠪᠠ᠃ 6 ᠳ᠋ᠤᠭᠠᠷ ᠰᠠᠷ᠎ᠠ ᠶᠢᠨ ᠡᠭᠢᠨ ᠳᠤ ᠰᠤᠷᠤᠭᠴᠢᠳ ᠢ ᠵᠤᠭᠢᠶᠠᠨ ᠪᠠᠶᠢᠭᠤᠯᠤᠨ ᠤᠳᠤᠷᠢᠳᠴᠦ | ︽ᠳᠠᠪᠤᠨ ᠰᠠᠷ᠎ᠠ ᠶᠢᠨ ᠭᠤᠴᠢᠨ︾ ᠤ ᠬᠠᠷᠠᠰᠠᠯᠳᠤ ᠬᠡᠷᠡᠭ ᠤᠨ ᠵᠤᠪᠠᠯᠠᠩ ᠠᠮᠰᠠᠭᠰᠠᠳ ᠢ ᠳᠤᠰᠠᠯᠠᠬᠤ ᠠᠵᠢᠯᠯᠠᠭᠠᠨ ᠦᠷᠨᠢᠭᠦᠯᠪᠡ᠃ 10 ᠳ᠋ᠤᠭᠠᠷ ᠰᠠᠷ᠎ᠠ ᠳᠤ | ᠴᠢᠭᠤᠯᠤᠯᠲᠤ ᠬᠠᠭᠠᠯᠭ᠎ᠠ ᠳᠤ ᠥᠪᠥᠷ ᠮᠣᠩᠭᠤᠯ ᠤᠨ ᠠᠷᠠᠳ ᠤᠨ ᠬᠤᠪᠢᠰᠬᠠᠯᠲᠤ ᠨᠠᠮ ᠤᠨ ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ | ᠬᠤᠷᠠᠯ ᠳᠤ ᠣᠷᠣᠯᠴᠠᠵᠤ᠂ ᠲᠥᠪ ᠬᠤᠷᠢᠶᠠᠨ ᠤ ᠣᠷᠣᠯᠠᠭᠴᠢ ᠭᠦᠢᠴᠡᠳᠬᠡᠬᠦ ᠭᠡᠰᠢᠭᠦᠨ ᠢᠶᠠᠷ ᠰᠣᠩᠭᠤᠭᠳᠠᠪᠠ᠃ ᠡᠪᠦᠯ ᠨᠢ᠂ ᠴᠢᠭᠤᠯᠤᠯᠲᠤ ᠬᠠᠭᠠᠯᠭ᠎ᠠ ᠳᠤ | ᠥᠪᠥᠷ ᠮᠣᠩᠭᠤᠯ ᠤᠨ ᠲᠠᠷᠢᠶᠠᠴᠢᠨ ᠠᠵᠢᠯᠴᠢᠨ ᠴᠡᠷᠢᠭ ᠤᠨ ᠶᠡᠭᠡ ᠬᠤᠯᠪᠤᠭ᠎ᠠ ᠪᠠᠶᠢᠭᠤᠯᠤᠭᠳᠠᠬᠤ ᠬᠤᠷᠠᠯ ᠳᠤ ᠣᠷᠣᠯᠴᠠᠵᠤ᠂ ᠲᠥᠪ ᠤᠨ ᠭᠦᠢᠴᠡᠳᠬᠡᠬᠦ | ᠭᠡᠰᠢᠭᠦᠨ ᠢᠶᠠᠷ ᠰᠣᠩᠭᠤᠭᠳᠠᠪᠠ᠃ 1926 ᠣᠨ ᠤ 1 ᠳ᠋ᠦ᠋ᠭᠡᠷ ᠰᠠᠷ᠎ᠠ ᠳᠤ ᠭᠤᠸᠠᠩᠵᠧᠦ ᠳᠤ ᠳᠤᠮᠳᠠᠳᠤ ᠤᠯᠤᠰ ᠤᠨ ᠭᠤᠮᠢᠨᠳᠠᠩ ᠤᠨ ᠬᠤᠶᠠᠳᠤᠭᠠᠷ | ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃ | 1927 ᠣᠨ ᠳᠤ ᠶᠡᠭᠡ ᠬᠤᠪᠢᠰᠬᠠᠯ ᠢᠯᠠᠭᠳᠠᠭᠰᠠᠨ ᠤ ᠳᠠᠷᠠᠭ᠎ᠠ᠂ ᠵᠠᠶᠠᠭᠠᠲᠠᠢ ᠮᠣᠰᠺᠸᠠ ᠶᠢᠨ ᠳᠣᠷᠣᠨᠠᠳᠠᠬᠢᠨ ᠤ ᠶᠡᠭᠡ ᠰᠤᠷᠭᠠᠭᠤᠯᠢ ᠳᠤ ᠰᠤᠷᠤᠯᠴᠠᠪᠠ | ᠃ 1934 ᠣᠨ ᠳᠤ ᠨᠠᠮ ᠤᠨ ᠲᠣᠮᠢᠯᠠᠯᠲᠠ ᠪᠠᠷ ᠤᠯᠤᠰ ᠲᠤ ᠪᠠᠨ ᠪᠣᠴᠠᠵᠤ᠂ ᠥᠪᠥᠷ ᠮᠣᠩᠭᠤᠯ᠂ ᠪᠧᠶᠢᠫᠢᠩ ᠪᠣᠯᠣᠨ ᠵᠡᠭᠦᠨ ᠬᠤᠶᠢᠲᠤ ᠣᠷᠣᠨ ᠳᠤ | ᠨᠢᠭᠤᠴᠠ ᠠᠵᠢᠯ ᠬᠢᠪᠡ᠃ 1938 ᠣᠨ ᠳᠤ ᠵᠠᠶᠠᠭᠠᠲᠠᠢ ᠮᠣᠩᠭᠤᠯ ᠤᠯᠤᠰ ᠤᠨ ᠳᠤᠮᠳᠠᠳᠤ ᠶᠢᠨ ᠬᠠᠷᠢᠶᠠᠲᠤ ᠶᠢᠨ ᠺᠯᠦ᠋ᠪ ᠲᠤ ︽ᠠᠵᠢᠯᠴᠢᠨ ᠤ ᠵᠠᠮ︾ ᠤᠨ | ᠨᠠᠶᠢᠷᠠᠭᠤᠯᠤᠭᠴᠢ ᠪᠠ ᠳᠤᠮᠳᠠᠳᠤ ᠶᠢᠨ ᠬᠠᠷᠢᠶᠠᠲᠤ ᠶᠢᠨ ᠵᠦᠴᠦᠭᠡ ᠶᠢᠨ ᠪᠦᠯᠬᠦᠮ ᠤᠨ ᠤᠳᠤᠷᠢᠳᠤᠭᠠᠴᠢ ᠶᠢᠨ ᠲᠤᠰᠢᠶᠠᠯ ᠢ ᠡᠭᠦᠷᠭᠡᠯᠡᠵᠦ᠂ ᠪᠥᠬᠦᠳᠡ | ᠨᠠᠶᠢᠷᠠᠮᠳᠠᠬᠤ ᠮᠣᠩᠭᠤᠯ ᠠᠷᠠᠳ ᠤᠯᠤᠰ ᠤᠨ ᠠᠷᠠᠳ ᠤᠨ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠥᠳᠡᠯᠮᠦᠷᠢ ᠶᠢᠨ ᠱᠠᠩᠨᠠᠯ ᠤᠨ ᠲᠡᠮᠳᠡᠭ᠂ ᠶᠠᠫᠣᠨ ᠤ | ᠡᠵᠡᠷᠬᠡᠭ ᠲᠦᠷᠢᠮᠡᠬᠡᠶᠢᠲᠡᠨ ᠢ ᠪᠠᠶᠢᠯᠳᠤᠨ ᠢᠯᠠᠭᠰᠠᠨ ᠱᠠᠩᠨᠠᠯ ᠤᠨ ᠲᠡᠮᠳᠡᠭ ᠂ ᠾᠢᠲᠯᠧᠷ ᠢ ᠪᠠᠶᠢᠯᠳᠤᠨ ᠢᠯᠠᠭᠰᠠᠨ ᠭᠠᠪᠢᠶᠠᠨ ᠲᠡᠮᠳᠡᠭ ᠪᠠ ᠮᠣᠩᠭᠤᠯ ᠠᠷᠠᠳ | ᠤᠯᠤᠰ ᠤᠨ ᠲᠤᠰᠠᠭᠠᠷ ᠲᠣᠭᠲᠠᠨᠢᠭᠰᠠᠨ 25 ᠵᠢᠯ ᠤᠨ ᠣᠶ ᠶᠢᠨ ᠳᠤᠷᠠᠰᠬᠠᠯ ᠤᠨ ᠲᠡᠮᠳᠡᠭ ᠢ ᠭᠥᠷᠳᠡᠵᠦ ᠥᠩᠭᠡᠷᠡᠪᠡ᠃ | 1946 ᠣᠨ ᠳᠤ ᠵᠠᠶᠠᠭᠠᠲᠠᠢ ᠤᠯᠤᠰ ᠲᠤ ᠪᠠᠨ ᠪᠣᠴᠠᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠲᠦᠷ ᠴᠠᠭ ᠤᠨ | ᠵᠥᠪᠯᠡᠯᠭᠡᠨ ᠤ ᠳᠡᠳ᠋ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠯᠦᠨ ᠪᠤᠶᠢᠷ ᠨᠠᠭᠤᠨᠮᠦᠷᠡᠨ ᠠᠶᠢᠮᠠᠭ ᠤᠨ ᠬᠤᠷᠢᠶᠠᠨ ᠤ ᠱᠦᠵᠢ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠴᠠᠬᠠᠷ ᠠᠶᠢᠮᠠᠭ ᠤᠨ ᠠᠵᠢᠯ ᠤᠨ ᠬᠤᠷᠢᠶᠠᠨ ᠤ ᠱᠦᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠲᠣᠪᠴᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ | 1950 ᠣᠨ ᠳᠤ ᠵᠠᠶᠠᠭᠠᠲᠠᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠣᠩᠭᠤᠯ ᠠᠷᠠᠳ ᠤᠯᠤᠰ ᠲᠤ ᠰᠠᠭᠤᠭ᠎ᠠ ᠠᠩᠬᠠᠳᠠᠭᠴᠢ | ᠣᠨᠴᠠ ᠲᠣᠮᠢᠯᠠᠭᠰᠠᠨ ᠪᠦᠷᠢᠨ ᠡᠷᠬᠡᠲᠦ ᠡᠯᠴᠢᠨ ᠰᠠᠶᠢᠳ ᠪᠣᠯᠪᠠ᠃ 1954 ᠣᠨ ᠳᠤ ᠲᠤᠰᠢᠶᠠᠯ ᠠᠴᠠ ᠪᠠᠨ ᠪᠠᠭᠤᠵᠤ ᠤᠯᠤᠰ ᠲᠠᠭᠠᠨ ᠪᠣᠴᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠦᠭᠡᠳ ᠨᠢᠭᠡᠳᠦᠮᠡᠯ | ᠹᠷᠣᠨᠲ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳ ᠤᠨ | ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ | ᠵᠥᠪᠯᠡᠯᠭᠡᠨ ᠤ ᠪᠥᠬᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠤᠮᠳᠠᠳᠤ ᠮᠣᠩᠭᠤᠯ ᠤᠨ ᠨᠥᠬᠦᠷᠰᠡᠭ ᠨᠡᠶᠢᠭᠡᠮᠯᠢᠭ ᠤᠨ ᠳᠡᠳ᠋ ᠳᠠᠷᠤᠭ᠎ᠠ ᠵᠡᠷᠭᠡ | ᠲᠤᠰᠢᠶᠠᠯ ᠢ ᠡᠭᠦᠷᠭᠡᠯᠡᠪᠡ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠵᠤ ᠥᠩᠭᠡᠷᠡᠵᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠢᠮᠠᠳᠤᠭᠠᠷ ᠶᠡᠭᠡ ᠬᠤᠷᠠᠯ ᠤᠨ | ᠲᠥᠯᠥᠭᠡᠯᠡᠭᠴᠢ ᠪᠠᠷ ᠰᠣᠩᠭᠤᠭᠳᠠᠪᠠ᠃ | 1968 ᠤᠨ ᠤ 3 ᠳ᠋ᠤᠭᠠᠷ ᠰᠠᠷ᠎ᠠ ᠶᠢᠨ 12 ᠤᠨ ᠡᠳᠤᠷ ᠵᠠᠶᠠᠭᠠᠲᠠᠢ ᠨᠦᠬᠦᠷ ᠯᠢᠨ ᠪᠢᠶᠤᠤ᠂ ︽ᠲᠦᠷᠪᠡᠨ ᠬᠦᠮᠦᠨ ᠤ ᠪᠦᠯᠦᠭ︾ ᠤᠨ ᠬᠠᠷᠠᠰᠠᠯᠳᠤ | ᠬᠤᠤᠷᠯᠠᠯ ᠳᠤ ᠤᠴᠠᠷᠠᠵᠤ ᠬᠢᠯᠢᠰ ᠢᠶᠠᠷ ᠨᠠᠰᠤ ᠪᠠᠷᠠᠪᠠ᠂ ᠨᠠᠰᠤᠨ ᠰᠡᠭᠦᠳᠡᠷ 67 ᠪᠠᠶᠢᠪᠠ᠃ | | ᠢᠷᠡᠯᠲᠡ᠄ ︽ᠬᠦᠬᠡᠬᠤᠲᠠ ᠶᠢᠨ ᠬᠤᠪᠢᠰᠬᠠᠯ ᠤᠨ ᠲᠡᠦᠬᠡ︾ ︵ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ 1999 | ᠣᠨ ᠤ ᠬᠡᠪᠯᠡᠯ︶ ᠠᠴᠠ ᠣᠷᠴᠢᠭᠤᠯᠪᠠ | |