23 ᠤ ᠡᠳᠦᠷ᠂ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠵᠡᠮᠳᠡᠭᠴᠦᠳ ᠤᠨ ᠴᠠᠰᠤ ᠮᠥᠰᠥᠨ ᠤ ᠪᠡᠶ᠎ᠡ ᠶᠢᠨ ᠲᠠᠮᠢᠷ ᠤᠨ ᠤᠯᠠᠷᠢᠯ ᠤᠨ | ᠡᠭᠢᠯᠡᠯᠲᠡ ᠶᠢᠨ ᠶᠣᠰᠣᠯᠠᠯ ᠭᠦᠭᠡᠬᠤᠲᠠ ᠶᠢᠨ ᠳᠡᠯ ᠠᠭᠤᠯᠠ ᠶᠢᠨ ᠴᠠᠨᠠᠯᠠᠯᠲᠠ ᠶᠢᠨ ᠲᠠᠯᠠᠪᠠᠶ ᠳᠤ ᠶᠠᠪᠤᠭᠳᠠᠪᠠ᠃ ᠲᠣᠰ ᠤᠳᠠᠭᠠᠨ ᠤ ᠡᠭᠢᠯᠡᠯᠲᠡ ᠶᠢᠨ | ᠶᠣᠰᠣᠯᠠᠯ ᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠤᠭ᠎ᠠ ᠠᠴᠠ ᠳᠠᠭᠠᠭᠠᠴᠢᠯᠠᠨ ᠡᠷᠭᠢᠯᠡᠵᠦ᠂ ᠭᠦᠭᠡᠬᠤᠲᠠ ᠶᠢᠨ ᠵᠡᠮᠳᠡᠭᠴᠦᠳ ᠤᠨ ᠬᠤᠯᠪᠤᠭ᠎ᠠ ᠠᠴᠠ ᠬᠠᠮᠵᠢᠯᠴᠠᠨ ᠡᠷᠭᠢᠯᠡᠪᠡ᠃ | | | | | | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ 2024 ᠣᠨ ᠤ 12 ᠰᠠᠷ᠎ᠠ ᠠᠴᠠ 2025 ᠣᠨ ᠤ 4 ᠰᠠᠷ᠎ᠠ ᠪᠤᠯᠲᠠᠯ᠎ᠠ ᠶᠢᠰᠦᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠵᠡᠮᠳᠡᠭᠴᠦᠳ ᠤᠨ ᠴᠠᠰᠤ ᠮᠥᠰᠥᠨ ᠤ ᠪᠡᠶ᠎ᠡ ᠶᠢᠨ ᠲᠠᠮᠢᠷ ᠤᠨ ᠤᠯᠠᠷᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠬᠦ ᠪᠠᠷ ᠪᠤᠢ᠃ ᠡᠨᠡ ᠤᠳᠠᠭ᠎ᠠ ᠶᠢᠨ ᠪᠦᠭᠦ ᠤᠯᠤᠰ ᠤᠨ ᠵᠡᠮᠳᠡᠭᠴᠦᠳ ᠤᠨ ᠴᠠᠰᠤ ᠮᠥᠰᠥᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠨᠢ | ᠥᠷᠭᠡᠨ ᠤᠯᠠᠨ ᠵᠡᠮᠳᠡᠭᠴᠦᠳ ᠲᠤ ᠴᠠᠰᠤ ᠮᠥᠰᠥᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠣᠨ ᠰᠣᠶᠣᠯ ᠤᠨ ᠰᠣᠯᠢᠯᠴᠠᠭᠠᠨ ᠤ ᠲᠠᠪᠴᠠᠩ ᠬᠠᠩᠭᠠᠵᠤ᠂ | ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠢᠳᠡᠪᠬᠢᠲᠡᠢ ᠪᠠᠶᠠᠰᠤᠩᠭᠤᠢ᠂ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠭᠦ ᠲᠠᠯ᠎ᠠ ᠪᠠᠷ | ᠢᠯᠡᠷᠡᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ | ᠡᠭᠢᠯᠡᠯᠲᠡ ᠶᠢᠨ ᠶᠣᠰᠣᠯᠠᠯ ᠨᠢ ᠪᠦᠭᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠴᠠᠰᠤ ᠮᠥᠰᠥᠨ ᠤ ᠵᠡᠮᠳᠡᠭ ᠲᠠᠮᠢᠷᠴᠢᠨ᠂ ᠴᠠᠰᠤ ᠮᠥᠰᠥᠨ ᠤ | ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠵᠢᠴᠢ ᠲᠡᠳᠡᠨ ᠤ ᠭᠡᠷ ᠪᠦᠯᠢ ᠶᠢᠨ ᠬᠢᠨ᠂ ᠰᠠᠶᠢᠨ ᠳᠤᠷᠠᠴᠤᠳ ᠪᠣᠯᠣᠨ ᠵᠡᠮᠳᠡᠭᠴᠦᠳ ᠤᠨ ᠬᠤᠯᠪᠤᠭ᠎ᠠ ᠶᠢᠨ | ᠠᠵᠢᠯᠲᠠᠨ ᠵᠡᠷᠭᠡ 500 ᠰᠢᠬᠠᠮ ᠬᠥᠮᠥᠨ ᠢ ᠲᠠᠲᠠᠪᠠ᠃ ᠶᠣᠰᠣᠯᠠᠯ ᠤᠨ ᠠᠬᠤᠢ ᠲᠠᠯᠠᠪᠠᠶ ᠳᠤ᠂ ᠴᠠᠰᠤᠲᠤ ᠭᠠᠵᠠᠷ ᠲᠤ ᠳᠡᠭᠡᠰᠦ ᠲᠠᠲᠠᠬᠤ᠂ ᠴᠠᠰᠤᠲᠤ ᠭᠠᠵᠠᠷ ᠲᠤ | ᠲᠡᠪᠡᠭ ᠢᠰᠬᠦᠯᠬᠦ ᠵᠡᠷᠭᠡ ᠴᠠᠰᠤ ᠮᠥᠰᠥᠨ ᠤ ᠰᠣᠨᠢᠷᠬᠠᠯᠲᠠᠢ ᠲᠣᠭᠯᠠᠭᠠᠮ ᠤᠳ ᠳᠤᠭᠤᠶᠢᠯᠠᠩ ᠬᠤᠪᠢᠶᠠᠨ ᠶᠠᠪᠤᠭᠳᠠᠵᠤ᠂ ᠪᠤᠶ ᠪᠦᠬᠦᠢ ᠣᠷᠣᠯᠴᠠᠭᠰᠠᠳ ᠴᠠᠰᠤ | ᠮᠥᠰᠥᠨ ᠤ ᠳᠤᠮᠳᠠ ᠴᠢᠯᠦᠭᠡᠲᠡᠢ ᠥᠷᠢᠰᠦᠯᠳᠦᠵᠦ᠂ ᠴᠠᠰᠤ ᠮᠥᠰᠥᠨ ᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠪᠡ᠃ | | | | | | ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠵᠡᠮᠳᠡᠭᠴᠦᠳ ᠤᠨ ᠴᠠᠰᠤ ᠮᠥᠰᠥᠨ ᠤ ᠬᠥᠳᠡᠯᠭᠡᠭᠡᠨ ᠤ ᠤᠯᠠᠷᠢᠯ ᠡᠬᠢᠯᠡᠭᠰᠡᠨ ᠤ ᠳᠠᠷᠠᠭ᠎ᠠ᠂ ᠣᠯᠠᠨ | ᠲᠦᠮᠡᠨ ᠤ ᠴᠠᠰᠤ ᠮᠥᠰᠥᠨ ᠤ ᠣᠨ ᠤ ᠤᠮᠠᠷᠠᠲᠤ ᠣᠷᠣᠨ ᠤ ᠭᠤᠣᠯ ᠲᠠᠯᠠᠪᠠᠶ ᠶᠢᠨ ᠠᠵᠢᠯᠯᠠᠭ᠎ᠠ᠂ ᠣᠯᠠᠨ ᠲᠦᠮᠡᠨ ᠤ ᠴᠠᠰᠤ ᠮᠥᠰᠥᠨ ᠤ ᠣᠨ ᠤ ᠡᠮᠦᠨᠡᠲᠦ | ᠣᠷᠣᠨ ᠤ ᠭᠤᠣᠯ ᠲᠠᠯᠠᠪᠠᠶ ᠶᠢᠨ ᠠᠵᠢᠯᠯᠠᠭ᠎ᠠ᠂ ᠣᠯᠠᠨ ᠲᠦᠮᠡᠨ ᠤ ᠴᠠᠰᠤ ᠮᠥᠰᠥᠨ ᠤ ᠦᠨᠳᠦᠰᠦᠨ ᠱᠠᠲᠤ ︵ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠤᠮᠵᠢ᠂ | ᠰᠤᠷᠭᠠᠭᠤᠯᠢ ᠶᠢᠨ ᠬᠦᠷᠢᠶ᠎ᠡ ᠵᠡᠷᠭᠡ︶ ᠳᠤ ᠣᠷᠣᠬᠤ ᠭᠤᠣᠯ ᠲᠠᠯᠠᠪᠠᠶ ᠶᠢᠨ ᠠᠵᠢᠯᠯᠠᠭ᠎ᠠ ᠲᠣᠰ ᠲᠣᠰ ᠾᠧᠪᠧᠢ ᠮᠤᠵᠢ᠂ ᠰᠧᠴᠤᠸᠠᠨ ᠮᠤᠵᠢ᠂ ᠴᠦᠩᠴᠢᠩ | ᠬᠤᠲᠠ ᠳᠤ ᠶᠠᠪᠤᠭᠳᠠᠵᠤ᠂ ᠪᠦᠭᠦ ᠤᠯᠤᠰ ᠤᠨ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠲᠣᠰ ᠲᠣᠰ ᠦᠨᠳᠦᠰᠦᠲᠡᠨ ᠪᠤᠶᠤ | ᠭᠠᠵᠠᠷ ᠣᠷᠣᠨ ᠤ ᠰᠣᠶᠣᠯ ᠤᠨ ᠣᠨᠴᠠᠯᠢᠭ ᠲᠠᠢ ᠪᠠᠨ ᠤᠶᠠᠯᠳᠤᠭᠤᠯᠤᠨ ᠵᠡᠮᠳᠡᠭᠴᠦᠳ ᠤᠨ ᠴᠠᠰᠤ ᠮᠥᠰᠥᠨ ᠤ ᠲᠥᠷᠥᠯ ᠵᠦᠢᠯ ᠢ ᠵᠠᠯᠭᠠᠭ᠎ᠠ ᠪᠠᠷ ᠥᠷᠨᠢᠭᠦᠯᠵᠦ᠂ | ᠵᠡᠮᠳᠡᠭᠴᠦᠳ ᠤᠨ ᠴᠠᠰᠤ ᠮᠥᠰᠥᠨ ᠤ ᠤᠷᠤᠯᠳᠤᠭᠠᠨ ᠢ ᠡᠷᠭᠢᠯᠡᠵᠦ᠂ ᠵᠡᠮᠳᠡᠭᠴᠦᠳ ᠤᠨ ᠣᠯᠠᠨ ᠲᠦᠮᠡᠨ ᠤ ᠴᠠᠰᠤ ᠮᠥᠰᠥᠨ ᠤ ᠠᠵᠢᠯᠯᠠᠭ᠎ᠠ ᠶᠢ ᠥᠷᠨᠢᠭᠦᠯᠬᠦ | ᠪᠣᠯᠣᠨ᠎ᠠ᠃ | |