ᠲᠦᠷᠦᠭᠦᠬᠡᠨ᠂ ᠭᠦᠭᠡᠬᠤᠲᠠ ᠶᠢᠨ ᠬᠤᠷᠢᠨᠭᠡᠷ ᠰᠢᠨ᠎ᠡ ᠲᠣᠭᠤᠷᠢᠭ ︽1+N︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠨᠡᠶᠢᠲᠡᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ᠂ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠪᠠᠲᠤ ᠴᠢᠩᠭ᠎ᠠ ᠴᠢᠳᠠᠪᠤᠷᠢᠲᠠᠨ ᠤ ᠪᠠᠲᠤᠯᠠᠭ᠎ᠠ ᠬᠠᠩᠭᠠᠪᠠ᠃ | ︽1+N︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠨᠢ ᠴᠢᠳᠠᠪᠤᠷᠢᠲᠠᠨ ᠤ ᠬᠥᠭᠵᠢᠯᠲᠡ ᠶᠢ | ᠬᠦᠯᠢᠶᠡᠰᠦᠯᠡᠵᠦ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ ᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠴᠢᠳᠠᠪᠤᠷᠢᠲᠠᠨ ᠤ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠳᠠᠯᠳᠠ ᠬᠦᠴᠦᠨ ᠢ ᠬᠥᠭᠵᠢᠭᠡᠨ᠎ᠡ᠃ ᠳᠤᠰ ᠰᠢᠰᠲ᠋ᠧᠮ ᠨᠢ ᠬᠤᠷᠢᠨᠭᠡᠷ ᠰᠢᠨ᠎ᠡ | ᠲᠣᠭᠤᠷᠢᠭ ᠢ ᠬᠠᠮᠤᠭ ᠠᠴᠠ ᠢᠯᠡᠭᠦᠦ ᠲᠠᠲᠠᠬᠤ ᠬᠦᠴᠦᠨ᠂ ᠥᠷᠢᠰᠦᠯᠳᠦᠬᠦ ᠬᠦᠴᠦᠨ᠂ ᠰᠢᠨ᠎ᠡ ᠶᠢ ᠡᠭᠦᠳᠬᠦ ᠬᠦᠴᠦᠨ᠂ ᠨᠥᠯᠥᠭᠡᠯᠡᠬᠦ ᠬᠦᠴᠦᠨ ᠲᠠᠢ | ᠴᠢᠳᠠᠪᠤᠷᠢᠲᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ᠂ ᠴᠢᠳᠠᠪᠤᠷᠢᠲᠠᠨ ᠤ ᠨᠥᠭᠦᠷᠰᠡᠭ ᠭᠡᠯᠪᠡᠷᠢ ᠶᠢᠨ ᠰᠢᠨ᠎ᠡ ᠲᠣᠭᠤᠷᠢᠭ᠂ ᠥᠨᠳᠥᠷ ᠲᠦᠪᠰᠢᠨ | ᠪᠦᠬᠦᠢ ᠴᠢᠳᠠᠪᠤᠷᠢᠲᠠᠨ ᠤ ᠥᠨᠳᠦᠷᠯᠢᠭ ᠪᠠ ᠳᠡᠭᠡᠳᠦ ᠲᠠᠰ ᠤᠨ ᠴᠢᠳᠠᠪᠤᠷᠢᠲᠠᠨ ᠲᠥᠪᠯᠡᠷᠡᠭᠰᠡᠨ ᠣᠷᠣᠨ ᠪᠣᠯᠭᠠᠨ ᠪᠠᠶᠢᠭᠤᠯᠬᠤ ᠳᠤ ᠣᠶᠤᠨ ᠤ ᠲᠤᠯᠭᠠᠭᠤᠷᠢᠯᠠᠯ | ᠬᠠᠩᠭᠠᠬᠤ ᠪᠤᠯᠤᠨ᠎ᠠ; ︽1+N︾ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠨᠢ ᠬᠤᠷᠢᠨᠭᠡᠷ ᠰᠢᠨ᠎ᠡ | ᠲᠣᠭᠤᠷᠢᠭ ᠤᠨ ᠣᠳᠣᠬᠠᠨ ᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠬᠥᠭᠵᠢᠭᠦᠯᠬᠦ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠲᠠᠰ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠵᠠᠭᠪᠤᠷ ᠢᠶᠠᠷ ᠳᠠᠮᠵᠢᠠ᠂ ᠡᠯ᠎ᠡ ᠲᠠᠯ᠎ᠠ ᠶᠢᠨ ᠰᠢᠯᠢᠳᠡᠭ | ᠴᠢᠳᠠᠪᠤᠷᠢᠲᠠᠨ ᠢ ᠬᠤᠷᠠᠨ ᠴᠤᠭᠯᠠᠷᠠᠭᠤᠯᠵᠤ ᠦᠢᠯᠡᠰ ᠪᠣᠰᠬᠠᠨ ᠠᠵᠢᠯ ᠣᠯᠭᠤᠬᠤ ᠶᠢ ᠲᠦᠷᠭᠡᠳᠬᠡᠬᠦ ᠪᠣᠯᠣᠨ᠎ᠠ᠃ | ᠣᠶᠢᠯᠠᠭᠠᠭᠰᠠᠨ ᠢᠶᠠᠷ᠂ ︽1+N︾ ᠤ ︽1︾ ᠨᠢ ︽︿ᠴᠢᠳᠠᠪᠤᠷᠢᠲᠠᠨ ᠢ ᠣᠷᠣᠭᠤᠯᠬᠤ ᠪᠣᠶᠢᠵᠢᠭᠤᠯᠬᠤ ᠦᠯᠡᠳᠡᠭᠡᠬᠦ ᠬᠡᠷᠡᠭᠯᠡᠬᠦ﹀ ᠲᠤᠬᠠᠢ ᠰᠠᠨᠠᠯ ᠤᠳ︾ | ᠪᠤᠯᠤᠨ᠎ᠠ;︽N︾ ᠨᠢ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠠᠷᠭ᠎ᠠ︾᠂ | ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ︿ᠡᠭᠦᠯᠡᠨ ᠬᠥᠨᠳᠡᠢ ᠶᠢᠨ ᠴᠢᠳᠠᠪᠤᠷᠢᠲᠠᠨ ᠤ ᠺᠠᠷᠲ﹀ ᠤᠨ ᠬᠠᠮᠢᠶᠠᠷᠤᠯᠲᠠ ᠶᠢᠨ ᠠᠷᠭ᠎ᠠ︾᠂ ︽ᠤᠶᠠᠨ | ᠬᠠᠳᠠᠨ ᠴᠢᠨᠠᠷᠲᠠᠢ ᠪᠠᠷ ᠴᠢᠳᠠᠪᠤᠷᠢᠲᠠᠨ ᠢ ᠤᠷᠢᠬᠤ ᠲᠤᠬᠠᠢ ᠬᠡᠷᠡᠭᠵᠢᠭᠦᠯᠬᠦ ᠠᠷᠭ᠎ᠠ︾᠂ ︽ᠨᠡᠶᠢᠭᠡᠮᠴᠢᠯᠡᠭᠰᠡᠨ ᠵᠠᠬ᠎ᠠ ᠳᠡᠯᠭᠡᠭᠦᠷᠴᠢᠯᠡᠭᠰᠡᠨ ᠴᠢᠳᠠᠪᠤᠷᠢᠲᠠᠨ ᠤᠷᠢᠬᠤ ᠶᠢ | ᠵᠣᠷᠢᠭᠵᠢᠭᠤᠯᠤᠨ ᠱᠠᠩᠨᠠᠬᠤ ᠠᠷᠭ᠎ᠠ︾᠂ ︽ᠤᠷ᠎ᠠ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠠᠷᠭ᠎ᠠ︾ ᠵᠡᠷᠭᠡ ᠠᠯᠢ ᠤᠯᠠᠨ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠᠭᠲᠠᠨ᠎ᠠ᠃ ᠡᠨᠡ ᠨᠢ ᠡᠯ᠎ᠡ ᠭᠠᠵᠠᠷ ᠤᠨ ᠴᠢᠳᠠᠪᠤᠷᠢᠲᠠᠨ ᠤ ᠰᠢᠨ᠎ᠡ ᠲᠣᠭᠤᠷᠢᠭ ᠲᠤ ᠬᠦᠷᠴᠦ ᠰᠣᠯᠢᠯᠴᠠᠭ᠎ᠠ | ᠬᠢᠵᠦ ᠰᠤᠳᠤᠯᠤᠨ ᠶᠠᠷᠢᠯᠴᠠᠬᠤ᠂ ᠠᠵᠢᠯ ᠬᠢᠵᠦ ᠦᠢᠯᠡᠰ ᠪᠣᠰᠬᠠᠬᠤ ᠳᠤ ᠨᠠᠩ ᠲᠥᠭᠦᠮ ᠦᠢᠯᠡᠴᠢᠯᠡᠭᠡ ᠪᠠ ᠰᠢᠯᠢᠳᠡᠭ ᠣᠷᠴᠢᠨ ᠨᠥᠬᠦᠴᠡᠯ ᠬᠠᠩᠭᠠᠬᠤ | ᠪᠣᠯᠣᠨ᠎ᠠ᠃ |