︵ᠰᠤᠷᠪᠤᠯᠵᠢᠯᠠᠭᠴᠢ ᠯᠢᠶᠠᠩ ᠵᠢᠩ ᠱᠤ᠋︶ 12 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ | ᠳᠠᠷᠤᠭ᠎ᠠ ᠯᠢᠦ ᠵᠢᠶ ᠶᠢᠩ ᠰᠠᠭᠤᠳᠠᠯ ᠤᠨ ᠬᠤᠷᠠᠯ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ | ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠪᠠ ᠬᠥᠳᠡᠯᠮᠦᠷᠢ ᠶᠢᠨ ᠵᠢᠱᠢᠶᠡᠴᠢ ᠶᠢᠨ ᠲᠥᠯᠥᠭᠡᠯᠡᠭᠴᠢ᠂ ᠦᠨᠳᠦᠰᠦᠨ ᠱᠠᠲᠤᠨ ᠤ ᠲᠥᠯᠥᠭᠡᠯᠡᠭᠴᠢ ᠶᠢᠨ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠬᠤ ᠨᠣᠣᠷᠠᠭ︶︾ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃ | ᠰᠠᠭᠤᠳᠠᠯ ᠤᠨ ᠬᠤᠷᠠᠯ ᠳᠡᠭᠡᠷ᠎ᠡ᠂ ᠤᠯᠠᠨ ᠢᠶᠠᠷ ᠢᠶᠠᠨ ᠠᠵᠤ ᠦᠢᠯᠡᠰ ᠤᠨ ᠬᠥᠭᠵᠢᠯᠲᠡ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ | ᠦᠢᠯᠡᠰ ᠵᠡᠷᠭᠡ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠪᠠᠨ ᠶᠠᠷᠢᠯᠴᠠᠪᠠ᠃ | ᠬᠤᠷᠠᠯ ᠠᠴᠠ᠂ ᠢᠯᠡᠳᠬᠡᠯ ᠢ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠤᠯᠠᠮ ᠴᠢᠨᠠᠭᠰᠢᠳᠠ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠥᠭᠵᠢᠯᠲᠡ ᠶᠢᠨ ᠪᠣᠳᠠᠲᠤ ᠠᠮᠵᠢᠯᠲᠠ ᠶᠢ ᠦᠨᠡᠨ ᠬᠦ ᠲᠤᠰᠬᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠵᠢᠯᠣᠭᠤᠳᠴᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠯᠠᠨ ᠹᠧᠩ᠂ ᠭᠤᠤ ᠵᠧᠨ ᠸᠧᠢ᠂ ᠰᠥᠸᠧ ᠶᠢᠩ ᠵᠢᠶᠦ᠋ᠨ᠂ ᠪᠠᠭᠠᠲᠤᠷ ᠬᠤᠷᠠᠯ ᠳᠤ ᠣᠷᠣᠯᠴᠠᠪᠠ᠃ |