12 ᠳ᠋ᠤᠭᠠᠷ ᠰᠠᠷ᠎ᠠ ᠶᠢᠨ 21 ᠤ ᠡᠳᠦᠷ᠂ ᠬᠥᠬᠡᠬᠤᠲᠠ ᠶᠢᠨ ᠬᠢᠨ ᠱᠣᠣᠮᠠᠢ ᠶᠢᠨ ᠠᠮᠲᠠᠲᠤ ᠢᠳᠡᠭᠡᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ | ᠲᠤᠬᠠᠢ ᠶᠢᠨ ᠲᠠᠯᠠᠪᠠᠢ ᠳᠠᠬᠢ ᠵᠢᠭᠤᠯᠴᠢᠯᠠᠭᠰᠠᠳ ᠤᠨ ᠲᠤᠭ᠎ᠠ 3.17 ᠲᠦᠮᠡᠨ ᠬᠥᠮᠦᠨ ᠤᠳᠠᠭ᠎ᠠ ᠳᠤ ᠬᠦᠷᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠣᠯᠠᠨ | ᠬᠥᠮᠦᠨ ᠳᠤ ᠱᠣᠣᠮᠠᠢ ᠶᠢ ᠵᠣᠭᠤᠰ ᠬᠤᠷᠢᠶᠠᠬᠤ ᠥᠬᠡᠶ ᠪᠠᠷ ᠠᠮᠲᠠᠯᠠᠭᠤᠯᠬᠤ᠂ ᠱᠣᠤᠮᠠᠶ ᠪᠠᠷ ᠭᠤᠤᠯ ᠰᠡᠳᠦᠪ ᠢᠶᠠᠨ ᠪᠣᠯᠭᠠᠭᠰᠠᠨ ᠲᠣᠮᠣ ᠬᠡᠯᠪᠡᠷᠢ ᠶᠢᠨ ᠲᠣᠨᠣᠭᠯᠠᠯ | ᠤᠷᠠᠯᠢᠭ ᠤᠨ ᠦᠵᠡᠭᠦᠯᠭᠡ ᠵᠡᠷᠭᠡ ᠠᠵᠢᠯᠯᠠᠭ᠎ᠠ ᠨᠢ ᠵᠢᠭᠤᠯᠴᠢᠯᠠᠭᠰᠠᠳ ᠢ ᠲᠠᠲᠠᠵᠤ᠂ ᠤᠤᠭᠠᠯ ᠡᠭᠦᠳᠦᠯᠲᠡ ᠶᠢᠨ ᠭᠤᠴᠤᠯᠠᠯ ᠠᠶᠠᠯᠭᠤ ︽ᠬᠤᠨᠢᠨ ᠤ ᠮᠢᠬ᠎ᠠ | ᠰᠣᠩᠭᠢᠨ᠎ᠠ ᠶᠢᠨ ᠢᠳᠡᠭᠡ︾᠂ ︽ᠱᠣᠤᠮᠠᠢ ᠶᠢ ᠶᠠᠷᠢᠬᠤᠢ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠵᠠᠯᠭᠠᠭ᠎ᠠ ᠪᠠᠷ ᠲᠣᠭᠯᠠᠪᠠ᠃ ︽ᠬᠥᠬᠡᠬᠤᠲᠠ ᠳᠤ ᠱᠣᠣᠮᠠᠢ | ᠠᠮᠲᠠᠯᠠᠬᠤᠢ︾ ᠨᠢ ᠨᠢᠭᠡᠨᠲᠡ ᠨᠢᠭᠡ ᠵᠦᠢᠯ ᠤᠨ ᠬᠠᠯᠠᠮᠰᠢᠯᠲᠤ ᠦᠵᠡᠭᠳᠡᠯ ᠪᠣᠯᠵᠤ᠂ ᠵᠢᠭᠤᠯᠴᠢᠯᠠᠭᠰᠠᠳ ᠲᠤᠷᠠᠲᠠᠶ᠎ᠠ ᠮᠥᠩᠭᠦ ᠭᠠᠷᠭᠠᠨ ᠬᠤᠳᠠᠯᠳᠤᠵᠤ ᠠᠪᠬᠤ | ᠢᠳᠡᠭᠡᠨ ᠪᠣᠯᠵᠠᠢ᠂ 12 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ᠂ ᠪᠦᠬᠦ ᠰᠦᠯᠵᠢᠶᠡᠨ ᠤ ᠬᠠᠮᠢᠶ᠎ᠠ ᠪᠦᠬᠦᠢ ᠮᠡᠳᠡᠭᠡ ᠵᠠᠩᠭᠢ 2009 ᠵᠤᠷᠪᠤᠰ ᠪᠠᠶᠢᠵᠤ᠂ | ᠤᠩᠰᠢᠯᠭ᠎ᠠ ᠶᠢᠨ ᠬᠡᠮᠵᠢᠶ᠎ᠡ ᠨᠢ 5746 ᠲᠦᠮᠡᠨ ᠬᠥᠮᠦᠨ ᠤᠳᠠᠭ᠎ᠠ ᠳᠤ ᠬᠦᠷᠴᠦ᠂ ᠰᠣᠨᠢᠷᠬᠠᠭᠰᠠᠨ ᠬᠡᠮᠵᠢᠶ᠎ᠡ ᠨᠢ 8385 ᠲᠦᠮᠡᠨ ᠤᠳᠠᠭ᠎ᠠ ᠳᠤ ᠬᠦᠷᠦᠭᠰᠡᠨ | ᠪᠠᠶᠢᠨ᠎ᠠ᠂ ᠱᠣᠣᠮᠠᠢ ᠶᠢᠨ ᠠᠮᠲᠠᠲᠤ ᠢᠳᠡᠭᠡᠨ ᠤ ᠶᠡᠭᠡ ᠨᠠᠶᠢᠷ ᠤᠨ ᠲᠤᠰ ᠡᠳᠦᠷ ᠲᠠᠬᠢ ᠲᠥᠪ ᠲᠧᠯᠸᠢᠰ ᠤᠨ ᠸᠢᠳᠢᠣ᠋᠂ ᠳᠡᠭᠦᠯᠢᠯᠲᠡ ᠬᠠᠮ ᠵᠠᠭᠤᠴᠢᠯᠠᠭᠤᠷ ᠵᠡᠷᠭᠡ | ᠠᠬᠤᠢ ᠲᠠᠯᠠᠪᠤᠷ ᠤᠨ ᠰᠢᠭᠤᠳ ᠨᠡᠪᠲᠡᠷᠡᠭᠦᠯᠭᠡ ᠶᠢᠨ ᠦᠵᠡᠭᠴᠢ ᠶᠢᠨ ᠲᠤᠭ᠎ᠠ ᠮᠢᠩᠭᠠᠨ ᠲᠦᠮᠡᠨ ᠬᠥᠮᠦᠨ ᠤᠳᠠᠭ᠎ᠠ ᠶᠢ ᠳᠠᠪᠠᠵᠤ᠂ ᠰᠢᠨᠬᠤᠸᠠ ᠬᠤᠷᠢᠶ᠎ᠠ᠂ | ᠠᠷᠠᠳ ᠤᠨ ᠡᠳᠦᠷ ᠤᠨ ᠰᠣᠨᠢᠨ ᠵᠡᠷᠭᠡ ᠲᠥᠪ ᠤᠨ ᠱᠠᠲᠤᠨ ᠤ ᠵᠠᠭᠤᠴᠢᠯᠠᠭᠤᠷ ᠤᠨ ᠮᠡᠳᠡᠭᠡᠯᠡᠭᠰᠡᠨ ᠮᠡᠳᠡᠭᠡᠯᠡᠯ 200 ᠰᠢᠬᠠᠮ ᠤᠳᠠᠭ᠎ᠠ ᠪᠠᠶᠢᠵᠤ᠂ ᠪᠢᠴᠢᠯ | ᠪᠥᠷᠬᠡ᠂ ᠲᠢᠺ ᠲᠣᠺ᠂ ᠬᠤᠷᠳᠤᠨ ᠭᠠᠷ ᠲᠤ ᠪᠣᠢ ᠪᠣᠯᠣᠭᠰᠠᠨ ᠬᠠᠯᠠᠮᠰᠢᠯ ᠴᠡᠭ 20 ᠰᠢᠬᠠᠮ ᠪᠣᠯᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |