ᠨᠢᠭᠡ ᠳᠤ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠤᠯᠭ᠎ᠠ︾ ᠪᠠᠷ ᠳᠡᠪᠰᠢᠭᠦᠯᠦᠭᠰᠡᠨ ᠮᠠᠲ᠋ᠧᠷᠢᠶᠠᠯ ᠤᠨ ᠠᠩᠬᠠᠨ ᠤ | ᠬᠢᠨᠠᠯᠲᠠ ᠳᠤ ᠪᠠᠲᠤᠯᠠᠭᠳᠠᠬᠤ ᠨᠣᠷᠮ᠎ᠠ ᠶᠢ ᠳᠡᠭᠡᠭᠰᠢᠯᠡᠭᠦᠯᠪᠡ᠃ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠣᠯᠭ᠎ᠠ︾ ᠶᠢ | ᠭᠤᠶᠤᠴᠢᠯᠠᠭᠰᠠᠨ ᠠᠵᠤ ᠠᠬᠤᠶᠢᠯᠠᠯ ᠳᠤ᠂ ᠬᠠᠶᠢᠨ ᠰᠢᠯᠭᠠᠬᠤ ᠲᠤᠰᠬᠠᠶ ᠠᠵᠢᠯᠲᠠᠨ ᠢ ᠲᠡᠷᠡ ᠳᠠᠷᠤᠶ ᠳᠤ ᠨᠢ ᠠᠵᠤ ᠠᠬᠤᠶᠢᠯᠠᠯ ᠲᠠᠢ ᠵᠣᠯᠭᠠᠭᠤᠯᠵᠤ | ᠵᠢᠯᠣᠭᠤᠳᠬᠤ ᠦᠢᠯᠡᠴᠢᠯᠡᠭᠡ ᠶᠢ ᠰᠠᠶᠢᠲᠤᠷ ᠬᠢᠯᠭᠡᠵᠦ᠂ ᠠᠵᠤ ᠠᠬᠤᠶᠢᠯᠠᠯ ᠳᠠᠬᠢ ᠬᠠᠶᠢᠨ ᠰᠢᠯᠭᠠᠯᠲᠠ ᠶᠢ ᠲᠣᠰ ᠡᠳᠦᠷ ᠲᠤ ᠨᠢ ᠰᠢᠯᠭᠠᠨ ᠠᠪᠴᠤ ᠲᠤᠰ | ᠡᠳᠦᠷ ᠲᠤ ᠨᠢ ᠪᠠᠲᠤᠯᠠᠭᠳᠠᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠡᠮᠦᠨᠡᠬᠢ ᠬᠤᠭᠤᠴᠠᠭᠠᠨ ᠤ ᠵᠢᠯᠣᠭᠤᠳᠣᠯᠭ᠎ᠠ︾ | ᠶᠢ ᠨᠡᠶᠢᠲᠡ 547 ᠤᠳᠠᠭ᠎ᠠ ᠭᠦᠢᠴᠡᠳᠬᠡᠪᠡ᠃ ᠬᠤᠶᠠᠷ ᠲᠤ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ ᠭᠡᠯᠲᠦᠷᠢᠭᠦᠯᠬᠦ︾ | ᠪᠠᠷ ᠢᠲᠡᠭᠡᠮᠵᠢ ᠲᠠᠢ ᠠᠵᠤ ᠠᠬᠤᠶᠢᠯᠠᠯ ᠤᠨ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠬᠠᠰᠤᠵᠤ ᠭᠡᠯᠲᠦᠷᠢᠭᠦᠯᠪᠡ᠃ ᠬᠡᠰᠡᠭ | ᠤᠴᠢᠷ ᠶᠠᠪᠤᠳᠠᠯ ᠤᠳ ᠨᠢ ᠠᠮᠠᠯᠠᠯᠲᠠ ᠶᠢᠨ ᠳᠦᠷᠢᠮ ᠳᠤ ᠬᠠᠷᠢᠶᠠᠯᠠᠭᠳᠠᠬᠤ ᠪᠥᠭᠡᠳ ᠳᠠᠷᠤᠶᠢᠬᠠᠨ ᠰᠢᠢᠳᠪᠦᠷᠢᠯᠡᠬᠦ ᠪᠠᠶᠢᠳᠠᠯ ᠳᠤ ᠨᠡᠶᠢᠴᠡᠭᠦᠯᠦᠨ᠂ ᠠᠵᠤ | ᠠᠬᠤᠶᠢᠯᠠᠯ ᠤᠨ ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ ᠠᠵᠤ ᠠᠬᠤᠶᠢᠯᠠᠯ ᠤᠨ ᠢᠲᠡᠭᠡᠮᠵᠢ ᠪᠠᠨ ᠠᠯᠳᠠᠵᠤ ᠭᠡᠷ᠎ᠡ ᠠᠴᠠ ᠪᠠᠨ ᠵᠥᠷᠢᠴᠡᠭᠰᠡᠨ | ᠪᠠᠶᠢᠳᠠᠯ ᠣᠷᠣᠰᠢᠬᠤ ᠦᠭᠡᠢ ᠪᠠᠶᠢᠬᠤ ᠶᠢ ᠮᠡᠳᠡᠭᠰᠡᠨ ᠤᠷᠢᠲᠠᠯ ᠳᠣᠣᠷ᠎ᠠ᠂ ᠠᠵᠤ ᠠᠬᠤᠶᠢᠯᠠᠯ ᠨᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ | ᠳᠠᠷᠠᠭ᠎ᠠ ᠨᠢ ᠠᠯᠤᠰ ᠠᠴᠠ ᠸᠢᠳᠢᠣ᠋ ᠪᠠᠷ ᠬᠠᠶᠢᠨ ᠰᠢᠯᠭᠠᠵᠤ᠂ ᠬᠠᠶᠢᠨ ᠰᠢᠯᠭᠠᠬᠤ ᠪᠦᠬᠦ ᠶᠠᠪᠤᠴᠠ ᠳᠤ ᠪᠠᠨ ᠳᠦᠷᠰᠦ ᠰᠢᠩᠭᠡᠭᠡᠯᠲᠡ ᠬᠢᠵᠦ ᠭᠡᠷᠡᠴᠢ ᠦᠯᠡᠳᠡᠭᠡᠨ᠎ᠡ᠃ | ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + ᠠᠮᠠᠯᠠᠯᠲᠠ ᠪᠠᠷ ᠬᠠᠶᠢᠨ ᠰᠢᠯᠭᠠᠬᠤ ᠶᠢ ᠭᠡᠯᠲᠦᠷᠢᠭᠦᠯᠬᠦ︾ ᠶᠢ ᠨᠡᠶᠢᠲᠡ 185 ᠤᠳᠠᠭ᠎ᠠ | ᠭᠦᠢᠴᠡᠳᠬᠡᠪᠡ᠃ ᠭᠤᠷᠪᠠ ᠳᠤ᠂ ︽ᠠᠯᠤᠰ ᠠᠴᠠ ᠬᠠᠶᠢᠨ ᠰᠢᠯᠭᠠᠬᠤ + ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ | ᠰᠢᠯᠭᠠᠬᠤ︾ ᠪᠠᠷ ᠢᠲᠡᠭᠡᠮᠵᠢ ᠲᠠᠢ ᠠᠵᠤ ᠠᠬᠤᠶᠢᠯᠠᠯ ᠳᠤ ᠭᠤᠶᠤᠴᠢᠯᠠᠨ ᠭᠦᠢᠴᠡᠳᠬᠡᠬᠦ ᠨᠥᠬᠦᠴᠡᠯ ᠢ ᠠᠭᠤᠵᠢᠭᠤ ᠲᠠᠯᠪᠢᠵᠤ ᠥᠭᠪᠡ᠃ ᠠᠵᠤ ᠠᠬᠤᠶᠢᠯᠠᠯ ᠤᠨ | ᠢᠲᠡᠭᠡᠮᠵᠢ ᠶᠢᠨ ᠲᠡᠮᠳᠡᠭᠯᠡᠯ ᠢ ᠬᠢᠨᠠᠨ ᠬᠠᠷᠭᠤᠭᠤᠯᠤᠭᠠᠳ᠂ ᠠᠵᠤ ᠠᠬᠤᠶᠢᠯᠠᠯ ᠨᠢ ᠢᠲᠡᠭᠡᠮᠵᠢ ᠠᠯᠳᠠᠭᠰᠠᠨ ᠦᠭᠡᠢ ᠪᠠ ᠭᠡᠷ᠎ᠡ ᠶᠢ ᠵᠥᠷᠢᠴᠡᠭᠰᠡᠨ ᠦᠭᠡᠢ ᠪᠠᠶᠢᠳᠠᠯ | ᠳᠣᠣᠷ᠎ᠠ᠂ ᠠᠵᠤ ᠠᠬᠤᠶᠢᠯᠠᠯ ᠤᠨ ᠬᠠᠶᠢᠨ ᠰᠢᠯᠭᠠᠬᠤ ᠳᠤ ᠳᠤᠲᠠᠭᠤᠳᠠᠵᠤ ᠪᠠᠶᠢᠭ᠎ᠠ ᠬᠡᠰᠡᠭ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠦᠭᠡᠢ ᠪᠠᠶᠢᠳᠠᠯ ᠳᠤ | ᠤᠷᠢᠳ ᠢᠶᠠᠷ ᠲᠤᠬᠠᠶ ᠶᠢᠨ ᠲᠠᠯᠠᠪᠤᠷ ᠲᠤ ᠨᠢ ᠬᠠᠶᠢᠨ ᠰᠢᠯᠭᠠᠬᠤ ᠶᠢ ᠵᠥᠪᠰᠢᠶᠡᠷᠡᠵᠦ᠂ ᠬᠠᠶᠢᠨ ᠰᠢᠯᠭᠠᠭᠰᠠᠨ ᠤ ᠳᠠᠷᠠᠭ᠎ᠠ ᠴᠡᠭᠴᠡᠯᠡᠨ ᠰᠠᠶᠢᠵᠢᠷᠠᠭᠤᠯᠬᠤ | ᠰᠠᠨᠠᠯ ᠢᠶᠠᠨ ᠨᠢᠭᠡ ᠯᠡ ᠤᠳᠠᠭ᠎ᠠ ᠳᠤ ᠮᠡᠳᠡᠭᠳᠡᠵᠦ᠂ ᠠᠵᠤ ᠠᠬᠤᠶᠢᠯᠠᠯ ᠪᠦᠬᠦᠨ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ᠂ | ᠠᠯᠤᠰ ᠠᠴᠠ ᠬᠠᠶᠢᠨ ᠰᠢᠯᠭᠠᠬᠤ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠲᠤ ᠨᠢ ᠳᠠᠬᠢᠨᠲᠠ ᠬᠠᠶᠢᠨ ᠰᠢᠯᠭᠠᠬᠤ᠂ ᠰᠦᠯᠵᠢᠶᠡᠨ ᠳᠡᠭᠡᠷ᠎ᠡ ᠳᠤᠲᠠᠭᠤ ᠶᠢ ᠨᠢ | ᠪᠠᠭᠲᠠᠭᠠᠨ ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠳ ᠢ ᠨᠥᠬᠦᠪᠦᠷᠢᠯᠡᠨ ᠲᠤᠰᠢᠶᠠᠯᠭᠠᠵᠤ᠂ ᠠᠵᠤ ᠠᠬᠤᠶᠢᠯᠠᠯ ᠳᠠᠬᠢ ᠬᠠᠶᠢᠨ ᠰᠢᠯᠭᠠᠯᠲᠠ ᠶᠢ ᠬᠦᠯᠢᠶᠡᠬᠦ | ᠴᠠᠭ ᠪᠠ ᠵᠠᠰᠠᠭ ᠵᠠᠬᠢᠷᠭᠠᠨ ᠤ ᠥᠪᠡᠷ ᠤᠨ ᠥᠷᠲᠡᠭ ᠤᠨ ᠬᠤᠷᠣᠭᠳᠠᠯ ᠢ ᠪᠠᠭᠠᠰᠬᠠᠪᠠ᠃ ᠣᠳᠣᠬᠠᠨ ᠪᠣᠯᠲᠠᠯ᠎ᠠ᠂ ︽ᠠᠯᠤᠰ ᠠᠴᠠ ᠬᠠᠶᠢᠨ ᠰᠢᠯᠭᠠᠬᠤ + | ᠲᠤᠰᠢᠶᠠᠬᠤ ᠴᠢᠬᠤᠯᠠᠲᠠᠢ ᠪᠢᠴᠢᠭ ᠮᠠᠲ᠋ᠧᠷᠢᠶᠠᠯ ᠤᠨ ᠳᠤᠲᠠᠭᠤ ᠶᠢ ᠪᠠᠭᠲᠠᠭᠠᠨ ᠬᠠᠶᠢᠨ ᠰᠢᠯᠭᠠᠬᠤ︾ ᠶᠢ ᠨᠡᠶᠢᠲᠡ 101 ᠤᠳᠠᠭ᠎ᠠ ᠭᠦᠢᠴᠡᠳᠬᠡᠪᠡ᠃ ᠳᠥᠷᠪᠡ ᠳᠤ᠂ | ︽ᠡᠯᠧᠺᠲᠷᠣᠨ ᠲᠠᠩᠰᠠ ᠡᠪᠬᠡᠮᠡᠯ + ᠪᠥᠬᠦ ᠶᠠᠪᠤᠴᠠ ᠳᠤ ᠮᠥᠷ ᠦᠯᠡᠳᠡᠭᠡᠬᠦ︾ ᠪᠠᠷ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠵᠢᠷᠤᠮᠵᠢᠯ ᠢ ᠦᠨᠡᠨ ᠬᠦ | ᠪᠠᠲᠤᠯᠠᠪᠠ᠃ ᠡᠯᠧᠺᠲᠷᠣᠨ ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠡᠭᠦᠳᠦᠨ ᠪᠠᠶᠢᠭᠤᠯᠵᠤ᠂ ᠬᠠᠶᠢᠨ ᠰᠢᠯᠭᠠᠬᠤ ᠵᠠᠩᠭᠢᠯᠠᠭ᠎ᠠ ᠶᠢᠨ ᠲᠤᠭ᠎ᠠ | ᠪᠠᠷᠢᠮᠲᠠ ᠶᠢᠨ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠲᠠᠩᠰᠠ ᠡᠪᠬᠡᠮᠡᠯ ᠳᠤ ᠣᠷᠣᠭᠤᠯᠬᠤ ᠲᠣᠭᠲᠠᠴᠠ ᠶᠢ ᠪᠠᠶᠢᠭᠤᠯᠪᠠ᠃ ᠣᠳᠣᠬᠠᠨ ᠳᠤ᠂ ᠡᠮᠴᠢᠯᠡᠭᠡᠨ ᠤ | ᠪᠠᠭᠠᠵᠢ ᠬᠡᠷᠡᠭᠰᠡᠯ ᠢ ᠡᠵᠡᠩᠨᠡᠬᠦ ᠵᠥᠪᠰᠢᠶᠡᠷᠡᠯ ︵ᠪᠦᠷᠢᠳᠬᠡᠨ ᠳᠠᠩᠰᠠᠯᠠᠬᠤ︶᠂ ᠬᠥᠳᠡᠯᠮᠦᠷᠢ ᠦᠢᠯᠡᠴᠢᠯᠡᠭᠡ ᠲᠣᠮᠢᠯᠠᠬᠤ ᠳᠦᠷᠢᠮ ᠤᠨ ᠡᠵᠡᠩᠨᠡᠯᠲᠡ ᠶᠢᠨ ᠵᠥᠪᠰᠢᠶᠡᠷᠡᠯ | ᠵᠡᠷᠭᠡ 5 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠢᠯᠢᠳᠡᠭ ᠢ ᠨᠢ ᠰᠣᠩᠭᠤᠨ ᠭᠠᠷᠭᠠᠵᠤ᠂ ︽ᠲᠠᠩᠰᠠ ᠡᠪᠬᠡᠮᠡᠯ ᠤᠨ | ᠬᠠᠮᠢᠶᠠᠷᠤᠯᠲᠠ ᠶᠢ ᠡᠯᠧᠺᠲᠷᠣᠨᠴᠢᠯᠡᠬᠦ︾ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠬᠠᠶᠢᠨ ᠰᠢᠯᠭᠠᠭᠰᠠᠨ ᠲᠠᠩᠰᠠ ᠡᠪᠬᠡᠮᠡᠯ ᠢ ᠵᠡᠷᠭᠡ ᠪᠠᠷ ᠳᠡᠭᠡᠭᠰᠢ ᠳᠠᠮᠵᠢᠭᠤᠯᠬᠤ | ᠪᠠ ᠨᠥᠭᠡᠴᠡᠯᠡᠬᠦ ᠶᠢ ᠪᠡᠶᠡᠯᠡᠭᠦᠯᠪᠡ᠃ ︵ᠬᠥᠬᠡᠬᠤᠲᠠ ᠶᠢᠨ ᠵᠠᠰᠠᠭ ᠤᠨ ᠣᠷᠳᠣᠨ︶ |