ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/12/27
      ᠰᠤᠷᠪᠤᠯᠵᠢᠯᠠᠬᠴᠢ ᠭᠦᠭᠡᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠭᠦᠭᠡᠬᠤᠲᠠ ᠨᠢᠭᠡ ᠢᠨᠵᠧᠨᠧᠷᠢᠩ ᠢ ᠬᠡᠷᠡᠭᠵᠢᠭᠦᠯᠬᠦ᠂ ᠨᠢᠭᠡ ᠵᠦᠢᠯ ᠤᠨ ᠪᠠᠲᠤᠯᠠᠭ᠎ᠠ ᠶᠢ ᠰᠠᠶᠢᠲᠤᠷ ᠬᠢᠬᠦ᠂ ᠬᠤᠶᠠᠷ ᠵᠦᠢᠯ ᠤᠨ ᠥᠭᠡᠷᠡᠴᠢᠯᠡᠯᠲᠡ ᠶᠢ ᠠᠬᠢᠭᠤᠯᠬᠤ᠂ ᠭᠤᠷᠪᠠᠨ ᠬᠤᠷᠢᠭ᠎ᠠ ᠱᠤᠭᠤᠮ ᠢ ᠪᠠᠲᠤ ᠰᠠᠬᠢᠬᠤ᠂ ᠳᠦᠷᠪᠡᠨ ᠠᠵᠤ ᠠᠬᠤᠢ ᠶᠢᠨ ᠬᠡᠯᠬᠢᠶ᠎ᠡ ᠶᠢ ᠰᠠᠶᠢᠲᠤᠷ ᠬᠢᠬᠦ ᠵᠢᠴᠢ ᠬᠤᠶᠠᠷ ᠬᠦᠷᠢᠶᠡᠯᠡᠩ ᠨᠢᠭᠡ ᠬᠥᠮᠥᠷᠭᠡ ᠨᠢᠭᠡ ᠲᠥᠪ ᠢ ᠪᠠᠶᠢᠭᠤᠯᠬᠤ ᠵᠡᠷᠭᠡ ᠠᠵᠢᠯ  ᠢᠶᠠᠷ  ᠳᠠᠮᠵᠢᠨ᠂ ᠪᠦᠭᠦ ᠬᠤᠲᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠪᠠ᠃      ᠣᠳᠣᠬᠠᠨ ᠪᠤᠯᠲᠠᠯ᠎ᠠ᠂ ᠭᠦᠭᠡᠬᠤᠲᠠ ᠶᠢᠨ ᠤᠢ ᠰᠢᠭᠤᠢ ᠶᠢᠨ ᠲᠠᠯᠠᠪᠠᠢ 4.6 ᠲᠦᠮᠡᠨ ᠮᠦ᠂ ᠤᠢ ᠰᠢᠭᠤᠢ  ᠶᠢᠨ ᠪᠦᠷᠬᠦᠴᠡ 15.78%᠂ ᠨᠤᠲᠤᠭ ᠪᠡᠯᠴᠢᠭᠡᠷ ᠤᠨ ᠲᠠᠯᠠᠪᠠᠢ 831 ᠲᠦᠮᠡᠨ ᠮᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ 47.41%᠂ ᠨᠤᠭᠤ ᠭᠠᠵᠠᠷ ᠤᠨ ᠲᠠᠯᠠᠪᠠᠢ 57 ᠲᠦᠮᠡᠨ ᠮᠦ ᠳᠤ ᠬᠦᠷᠴᠡᠢ᠃ ᠤᠷᠢᠳ ᠬᠤᠵᠢᠳ ᠨᠢᠭᠡ ᠤᠢ ᠰᠢᠭᠤᠢ ᠶᠢᠨ ᠬᠤᠲᠠ᠂ 4 ᠤᠢ ᠰᠢᠭᠤᠢ ᠶᠢᠨ ᠰᠢᠶᠠᠩ ᠪᠠᠯᠭᠠᠰᠤ᠂ 35 ᠬᠥᠳᠡᠭᠡ ᠲᠤᠰᠬᠤᠨ ᠤ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠭᠦ ᠲᠤᠰᠬᠤᠨ ᠢ ᠪᠦᠲᠦᠭᠡᠨ ᠪᠠᠶᠢᠭᠤᠯᠤᠭᠰᠠᠨ ᠪᠥᠭᠡᠳ ᠬᠠᠷᠠᠤ᠋ᠰᠤ ᠨᠠᠭᠤᠷ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠠ ᠤᠯᠠᠭᠠᠨ ᠮᠥᠷᠡᠨ ᠤᠯᠤᠰ ᠤᠨ ᠨᠤᠭᠤ ᠭᠠᠵᠠᠷ ᠤᠨ ᠴᠡᠴᠡᠷᠯᠢᠭ ︵ᠲᠤᠷᠰᠢᠯᠲᠠ ᠶᠢᠨ ᠴᠡᠭ︶ ᠵᠡᠷᠭᠡ 2 ᠤᠯᠤᠰ ᠤᠨ ᠳᠡᠰ ᠤᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠪᠠ;ᠡᠭᠦᠨ ᠠᠴᠠ ᠭᠠᠳᠠᠨ᠎ᠠ ᠭᠦᠭᠡᠬᠤᠲᠠ ᠳᠤ ᠪᠠᠰᠠ ᠨᠢᠭᠡ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ᠂ 10 ᠪᠠᠶᠢᠭᠠᠯᠢ ᠶᠢᠨ ᠴᠡᠴᠡᠷᠯᠢᠭ ᠲᠠᠢ᠂ ᠪᠦᠭᠦ ᠲᠠᠯᠠᠪᠠᠢ ᠨᠢ 382.23 ᠲᠦᠮᠡᠨ ᠮᠦ ᠬᠦᠷᠴᠦ᠂ ᠪᠦᠭᠦ ᠬᠤᠲᠠ ᠶᠢᠨ ᠭᠠᠵᠠᠷ ᠰᠢᠷᠣᠢ ᠶᠢᠨ        14.8% ᠶᠢ ᠡᠵᠡᠯᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ