12 ᠰᠠᠷ᠎ᠠ ᠶᠢᠨ 21 ᠤ ᠡᠳᠦᠷ᠂ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠠᠴᠠ ᠭᠤᠣᠯᠯᠠᠨ ᠡᠷᠭᠢᠯᠡᠭᠰᠡᠨ ᠶᠡᠭᠡ ᠳᠡᠭᠡᠳᠦ | ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠨ ᠬᠥᠮᠦᠵᠢᠯ ᠬᠢᠭᠡᠳ ᠪᠦᠲᠦᠭᠡᠯᠴᠢ ᠴᠢᠨᠠᠷᠲᠠᠢ ᠤᠯᠠᠷᠢᠭᠤᠯᠤᠯᠲᠠ ᠶᠢ ᠬᠠᠮᠵᠢᠯᠴᠠᠭᠤᠯᠤᠨ | ᠰᠢᠨ᠎ᠡ ᠶᠢ ᠡᠭᠦᠳᠬᠦ ᠰᠤᠳᠤᠯᠤᠨ ᠶᠠᠷᠢᠯᠴᠠᠬᠤ ᠬᠤᠷᠠᠯ ᠭᠦᠭᠡᠬᠤᠲᠠ ᠳᠤ ᠶᠠᠪᠤᠭᠳᠠᠪᠠ᠃ | ᠰᠤᠳᠤᠯᠤᠨ ᠶᠠᠷᠢᠯᠴᠠᠬᠤ ᠬᠤᠷᠠᠯ ᠨᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠪᠣᠯᠣᠨ ᠰᠣᠶᠣᠯ ᠤᠨ ᠪᠦᠲᠦᠭᠡᠯᠴᠢ ᠠᠵᠤ ᠦᠢᠯᠡᠰ ᠤᠨ | ᠬᠠᠮᠵᠢᠯᠴᠠᠨ ᠬᠥᠭᠵᠢᠬᠦ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠰᠢᠨ᠎ᠡ ᠠᠷᠭ᠎ᠠ ᠵᠠᠮ ᠵᠢᠴᠢ | ᠪᠣᠳᠠᠰ ᠤᠨ ᠪᠤᠰᠤ ᠰᠣᠶᠣᠯ ᠤᠨ ᠥᠪ ᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠳᠤ ᠠᠭᠤᠰᠤᠯᠴᠠᠭᠤᠯᠤᠭᠰᠠᠨ ᠰᠢᠨ᠎ᠡ ᠦᠢᠯᠡᠳᠦᠯᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠳᠡᠭᠡᠳᠦ ᠰᠤᠷᠭᠠᠭᠤᠯᠢ᠂ ᠰᠣᠶᠣᠯ ᠤᠨ ᠪᠦᠲᠦᠭᠡᠯᠴᠢ ᠠᠵᠤ ᠠᠬᠤᠶᠢᠯᠠᠯ᠂ ᠣᠷᠣᠨ ᠨᠤᠲᠤᠭ ᠤᠨ ᠵᠠᠰᠠᠭ ᠤᠨ ᠣᠷᠳᠣᠨ | ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠬᠦᠷᠢᠶᠡᠨ ᠤ ᠲᠤᠰᠬᠠᠢ ᠮᠡᠷᠭᠡᠵᠢᠯᠲᠡᠨ ᠡᠷᠳᠡᠮᠲᠡᠨ ᠪᠣᠯᠣᠨ ᠤᠯᠠᠮᠵᠢᠯᠠᠭᠴᠢ ᠶᠢᠨ ᠲᠥᠯᠥᠭᠡᠯᠡᠭᠴᠢ 150 | ᠰᠢᠬᠠᠮ ᠬᠥᠮᠥᠨ ᠴᠤᠭᠯᠠᠷᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠪᠦᠲᠦᠭᠡᠯᠴᠢ ᠪᠠᠷ ᠬᠥᠭᠵᠢᠭᠦᠯᠬᠦ ᠳᠤ ᠤᠶᠤᠨ | ᠤᠬᠠᠭᠠᠨ ᠢᠶᠠᠨ ᠡᠷᠭᠦᠪᠡ᠃ | ᠬᠤᠷᠠᠯ ᠤᠨ ᠭᠤᠣᠯ ᠵᠤᠷᠢᠯᠳᠠᠳᠤ ᠮᠡᠳᠡᠭᠦᠯᠦᠯᠲᠡ ᠳᠤ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠯᠢ ᠴᠥᠩ ᠬᠤᠢ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠪᠢᠯᠢᠭᠪᠡᠲᠤ᠂ ᠭᠦᠭᠡᠬᠤᠲᠠ ᠦᠨᠳᠦᠰᠦᠲᠡᠨ ᠤ ᠳᠡᠭᠡᠳᠦ ᠰᠤᠷᠭᠠᠭᠤᠯᠢ ᠶᠢᠨ ᠳᠡᠳ᠋ | ᠫᠷᠤᠹᠧᠰᠰᠤᠷ ᠭᠤ᠊ ·ᠲᠡᠮᠦᠷ᠂ ᠤᠳᠤᠭ ᠤᠨ ᠡᠮᠦᠨᠡᠲᠦ ᠬᠤᠰᠢᠭᠤᠨ ᠤ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠣᠳᠣᠨᠭᠠᠯ ᠲᠤᠰ ᠲᠤᠰ | ᠭᠤᠣᠯ ᠰᠡᠳᠦᠪᠲᠦ ᠮᠡᠳᠡᠭᠦᠯᠦᠯᠲᠡ ᠬᠢᠵᠡᠢ᠃ 3 ᠲᠠᠯᠠᠪᠤᠷ ᠬᠤᠪᠢᠶᠠᠷᠢ ᠶᠠᠷᠢᠶᠠᠨ ᠤ ᠲᠠᠪᠴᠠᠩ ᠨᠢ ︽ᠪᠣᠳᠠᠰ ᠤᠨ ᠪᠤᠰᠤ ᠰᠣᠶᠣᠯ ᠤᠨ ᠥᠪ ᠪᠤᠶᠤ ᠪᠦᠲᠦᠭᠡᠯᠴᠢ | ᠰᠣᠶᠣᠯ ᠵᠢᠴᠢ ᠰᠤᠷᠭᠠᠨ ᠬᠥᠮᠦᠵᠢᠯ ᠤᠨ ᠵᠣᠬᠢᠴᠠᠩᠭᠤᠢ ᠬᠥᠭᠵᠢᠯᠲᠡ︾᠂ ︽ᠪᠣᠳᠠᠰ ᠤᠨ ᠪᠤᠰᠤ ᠰᠣᠶᠣᠯ ᠤᠨ ᠥᠪ ᠤᠨ ᠣᠷᠣᠨ ᠨᠤᠲᠤᠭ ᠤᠨ ᠨᠡᠶᠢᠭᠡᠮ ᠠᠵᠤ | ᠠᠬᠤᠢ ᠶᠢᠨ ᠬᠥᠭᠵᠢᠯᠲᠡ ᠳᠤ ᠦᠵᠡᠭᠦᠯᠭᠦ ᠣᠯᠠᠨ ᠡᠰᠢᠲᠦ ᠬᠥᠳᠡᠯᠭᠡᠭᠦᠷ︾᠂ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠳᠤ ᠲᠣᠭᠠᠴᠢᠯᠠᠭᠰᠠᠨ | ᠴᠢᠳᠠᠪᠤᠷᠢ ᠣᠯᠭᠤᠬᠤ ᠪᠠ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ︾ ᠪᠠᠷ ᠭᠤᠣᠯ ᠰᠡᠳᠦᠪ ᠪᠤᠯᠭᠠᠵᠤ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ | ᠡᠷᠳᠡᠮᠲᠡᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢᠳ ᠰᠠᠨᠠᠯ ᠢᠶᠠᠨ ᠰᠣᠯᠢᠯᠴᠠᠨ ᠬᠤᠪᠢᠶᠠᠯᠴᠠᠪᠠ᠃ ᠬᠤᠷᠠᠯ ᠳᠤ ᠪᠠᠰᠠ ︽ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠤᠶ᠎ᠠ ︱ᠭᠤᠸ᠎ᠠ ᠰᠠᠶᠢᠬᠠᠨ ᠤ | ᠬᠥᠮᠦᠵᠢᠯ ᠤᠨ ᠴᠢᠬᠤᠯᠠ ᠴᠢᠨᠠᠷ ᠢ ᠥᠭᠦᠯᠡᠬᠦ ᠨᠢ︾᠂ ︽ᠠᠷᠠᠳ ᠤᠨ ᠤᠷᠠᠯᠢᠭ ᠪᠣᠯ ᠠᠯᠢᠪᠠ ᠤᠷᠠᠯᠢᠭ ᠤᠨ ᠡᠬᠢ - ᠪᠣᠳᠠᠰ ᠤᠨ ᠪᠤᠰᠤ ᠰᠣᠶᠣᠯ ᠤᠨ ᠥᠪ ᠪᠠ | ᠮᠢᠨᠤ ᠵᠢᠭᠠᠨ ᠰᠤᠷᠭᠠᠯᠲᠠ ᠶᠢᠨ ᠵᠣᠬᠢᠶᠠᠨ ᠪᠦᠲᠦᠭᠡᠯᠭᠡ︾᠂ ︽ᠪᠣᠳᠠᠰ ᠤᠨ ᠪᠤᠰᠤ ᠰᠣᠶᠣᠯ ᠤᠨ ᠥᠪ ᠤᠨ ᠦᠷ᠎ᠡ ᠪᠦᠲᠦᠭᠡᠯ ᠢ ᠤᠯᠠᠷᠢᠭᠤᠯᠬᠤ ᠲᠤᠬᠠᠢ | ᠰᠦᠪᠡᠭᠴᠢᠯᠡᠯᠲᠡ ᠪᠠ ᠦᠢᠯᠡᠳᠦᠯᠭᠡ︾᠂ ︽ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ ᠵᠠᠯᠭᠠᠮᠵᠢᠯᠠᠬᠤᠢ ︱ ᠤᠷᠠᠳ ᠮᠠᠶ᠋ᠢᠭ ᠤᠨ | ᠡᠮᠡᠭᠡᠯ ᠤᠨ ᠰᠤᠳᠤᠯᠭᠠᠨ ᠪᠠ ᠬᠢᠵᠦ ᠪᠦᠲᠦᠭᠡᠬᠦᠢ︾ᠵᠡᠷᠭᠡ ᠬᠡᠷᠡᠭ ᠤᠨ ᠵᠢᠱᠢᠶ᠎ᠡ ᠶᠢ ᠬᠤᠪᠢᠶᠠᠯᠴᠠᠪᠠ᠃ ᠳᠤᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠨᠢ | ᠶᠡᠭᠡ ᠳᠡᠭᠡᠳᠦ ᠰᠤᠷᠭᠠᠭᠤᠯᠢ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠠᠮᠵᠢᠯᠴᠠᠨ ᠰᠢᠨ᠎ᠡ ᠶᠢ ᠡᠭᠦᠳᠬᠦ ᠳᠤ ᠲᠠᠪᠴᠠᠩ ᠪᠠᠶᠢᠭᠤᠯᠤᠨ ᠥᠭᠭᠦᠭᠰᠡᠨ ᠪᠠᠶᠢᠨ᠎ᠠ᠃ | | | |