︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢᠨ | ᠤᠶᠤᠨᠴᠢᠯᠠᠯᠲᠠ ᠪᠠ ᠠᠮᠤᠷ ᠲᠦᠪᠰᠢᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ ᠲᠥᠪ ᠵᠡᠷᠭᠡ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ | ᠦᠢᠯᠡᠰ ᠤᠨ 5 ᠰᠢᠨ᠎ᠡ ᠶᠢ ᠡᠭᠦᠳᠬᠦ ᠲᠥᠪ ᠢ ᠪᠠᠶᠢᠭᠤᠯᠬᠤ ᠶᠢ ᠵᠥᠪᠰᠢᠶᠡᠷᠡᠬᠦ ᠲᠤᠬᠠᠶ ᠮᠡᠳᠡᠭᠳᠡᠯ︾ ᠢ ᠨᠡᠶᠢᠲᠡᠯᠡᠵᠦ᠂ ᠬᠥᠬᠡᠬᠤᠲᠠ ᠶᠢᠨ ᠬᠤᠶᠠᠷ ᠦᠢᠯᠡᠳᠬᠦ | ᠦᠢᠯᠡᠰ ᠤᠨ ᠰᠢᠨ᠎ᠡ ᠶᠢ ᠡᠭᠦᠳᠬᠦ ᠲᠥᠪ ᠡᠭᠦᠨ ᠳᠤ ᠵᠢᠭᠰᠠᠭᠠᠭᠳᠠᠪᠠ᠃ | ᠣᠶᠢᠯᠠᠭᠠᠭᠰᠠᠨ ᠢᠶᠠᠷ᠂ ᠡᠨᠡ ᠬᠤᠶᠠᠷ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯ ᠲᠣᠰ ᠲᠣᠰ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢᠨ ᠤᠶᠤᠨᠴᠢᠯᠠᠯᠲᠠ ᠬᠢᠭᠡᠳ ᠠᠮᠤᠷ ᠲᠦᠪᠰᠢᠨ ᠤ ᠦᠢᠯᠡᠴᠢᠯᠡᠭᠡᠨ ᠤ ᠰᠢᠨ᠎ᠡ ᠶᠢ ᠡᠭᠦᠳᠬᠦ | ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠰᠠᠨᠰᠠᠷ ᠠᠶᠠᠯᠠᠯ ᠤᠨ ᠬᠥᠳᠡᠯᠭᠡᠬᠦ ᠬᠦᠴᠦᠨ ᠤ ᠦᠢᠯᠡᠳᠬᠦ ᠦᠢᠯᠡᠰ ᠤᠨ | ᠰᠢᠨ᠎ᠡ ᠶᠢ ᠡᠭᠦᠳᠬᠦ ᠲᠥᠪ ᠪᠣᠯᠤᠨ᠎ᠠ᠃ | ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ | ᠪᠤᠶᠢᠵᠢᠭᠤᠯᠬᠤ ᠱᠠᠲᠤᠨ ᠤ ᠰᠢᠨ᠎ᠡ ᠶᠢ ᠡᠭᠦᠳᠬᠦ ᠲᠥᠪ ᠲᠤ ᠮᠥᠷᠳᠡᠬᠦ᠂ ᠵᠢᠯᠣᠭᠤᠳᠬᠤ᠂ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ | ᠪᠥᠲᠥᠭᠡᠨ ᠪᠠᠶᠢᠭᠤᠯᠤᠯᠲᠠ ᠶᠢᠨ ᠨᠥᠬᠦᠴᠡᠯ ᠢ ᠢᠳᠡᠪᠬᠢᠲᠡᠶ ᠬᠠᠮᠵᠢᠯᠴᠠᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠲᠥᠪ ᠤᠨ ᠪᠤᠶᠢᠵᠢᠭᠤᠯᠤᠨ ᠪᠥᠲᠥᠭᠡᠨ | ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨ ᠬᠦ ᠵᠣᠬᠢᠴᠠᠭᠤᠯᠤᠨ ᠰᠢᠢᠳᠪᠦᠷᠢᠯᠡᠵᠦ᠂ ᠰᠢᠨ᠎ᠡ ᠶᠢ ᠡᠭᠦᠳᠬᠦ ᠲᠥᠪ ᠤᠨ | ᠨᠡᠭᠡᠭᠡᠯᠲᠡᠲᠦ ᠣᠨᠣᠯᠵᠢᠬᠤᠨ ᠢ ᠪᠠᠷᠢᠮᠲᠠᠯᠠᠨ᠂ ᠨᠡᠭᠡᠭᠡᠯᠲᠡᠲᠦ ᠲᠠᠪᠴᠠᠩ ᠢ ᠪᠠᠶᠢᠭᠤᠯᠵᠤ᠂ ᠬᠠᠮᠢᠶ᠎ᠠ ᠪᠥᠬᠦᠶ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ ᠭᠡᠵᠡᠢ᠃ |