1—11 ᠳ᠋ᠦ᠋ᠭᠡᠷ ᠰᠠᠷ᠎ᠠ ᠳᠤ᠂ ᠬᠦᠬᠡᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2024/12/27
       ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶᠠᠨ ᠠᠴᠠ ᠣᠶᠢᠯᠠᠭᠠᠭᠰᠠᠨ ᠨᠢ᠂        1— 11 ᠳ᠋ᠦ᠋ᠭᠡᠷ ᠰᠠᠷ᠎ᠠ ᠳᠤ᠂ ᠬᠥᠬᠡᠬᠤᠲᠠ ᠠᠵᠤ ᠠᠬᠤᠢ ᠶᠢᠨ ᠴᠢᠨᠠᠷ ᠰᠠᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠢᠨ᠎ᠠ᠃      ᠠᠵᠤ ᠦᠢᠯᠡᠳᠪᠦᠷᠢ ᠶᠢᠨ ᠨᠡᠮᠡᠭᠳᠡᠯ ᠦᠷᠭᠦᠯᠵᠢᠯᠡᠨ ᠨᠡᠮᠡᠭᠳᠡᠪᠡ      ᠲᠤᠯᠭᠠᠭᠤᠷᠢ ᠠᠵᠢᠯ ᠲᠦᠷᠦᠯ ᠬᠦᠴᠦᠲᠡᠢ ᠲᠦᠯᠬᠢᠴᠡ ᠬᠦᠴᠦᠨ ᠪᠣᠯᠪᠠ      1—11 ᠳ᠋ᠦ᠋ᠭᠡᠷ ᠰᠠᠷ᠎ᠠ ᠳᠤ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠵᠦ᠂ ᠲᠤᠯᠭᠠᠭᠤᠷᠢ ᠠᠵᠢᠯ ᠲᠥᠷᠥᠯ ᠤᠨ ᠬᠤᠪᠢ ᠨᠡᠮᠡᠷᠢ ᠳᠣᠪᠤᠶᠢᠮ᠎ᠠ ᠪᠣᠯᠵᠠᠢ᠃ ᠲᠥᠷᠥᠯ ᠵᠦᠢᠯ ᠠᠴᠠ ᠦᠵᠡᠪᠡᠯ᠂ ᠦᠢᠯᠡᠳᠬᠡᠯ ᠤᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 22.4% ᠪᠠᠷ ᠨᠡᠮᠡᠭᠳᠡᠪᠡ᠃ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.3% ᠪᠠᠷ ᠪᠠᠭᠤᠷᠠᠪᠠ᠃ ᠡᠭᠦᠨ ᠳᠤ᠂ ᠦᠢᠯᠡᠳᠬᠦ ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ         72.5% ᠶᠢ ᠡᠵᠡᠯᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠨᠢ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 27.0% ᠶᠢ ᠡᠵᠡᠯᠡᠵᠦ᠂ ᠬᠤᠶᠠᠷ ᠲᠣᠮᠣ ᠲᠥᠷᠥᠯ ᠨᠡᠶᠢᠲᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 8.7 ᠵᠠᠭᠤᠨ ᠤ ᠨᠢᠭᠡᠴᠢ ᠳᠠᠶᠢᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ        103.5% ᠳᠤ ᠬᠦᠷᠴᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠲᠣᠭᠲᠠᠭᠤᠨ ᠢᠶᠠᠷ ᠠᠵᠢᠯᠯᠠᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠬᠠᠩᠭᠠᠪᠠ᠃ ᠠᠵᠢᠯ ᠲᠥᠷᠥᠯ ᠠᠴᠠ ᠠᠪᠴᠤ ᠦᠵᠡᠪᠡᠯ᠂ ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 30.9% ᠪᠠᠷ ᠨᠡᠮᠡᠭᠳᠡᠵᠦ᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 28.0% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠡᠶᠢᠲᠡ 73.2% ᠲᠤ ᠬᠦᠷᠴᠡᠶ᠃      ᠨᠡᠶᠢᠭᠡᠮ ᠤᠨ ᠬᠡᠷᠡᠭᠯᠡᠭᠡ ᠦᠷᠭᠦᠯᠵᠢᠯᠡᠨ ᠰᠡᠷᠭᠦᠪᠡ      ᠰᠢᠨ᠎ᠡ ᠡᠨᠧᠷᠬᠢ ᠶᠢᠨ ᠮᠠᠰᠢᠨ ᠰᠢᠨ᠎ᠡ ᠬᠡᠷᠡᠭᠯᠡᠭᠡ ᠶᠢ ᠳᠠᠭᠠᠭᠤᠯᠪᠠ      1— 11 ᠳ᠋ᠦ᠋ᠭᠡᠷ ᠰᠠᠷ᠎ᠠ ᠳᠤ᠂ ᠬᠥᠬᠡᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 1145 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠵᠦ᠂ 1—10 ᠳ᠋ᠤᠭᠠᠷ ᠰᠠᠷ᠎ᠠ ᠠᠴᠠ 0.4 ᠵᠠᠭᠤᠨ ᠤ ᠨᠢᠭᠡᠴᠢ ᠳᠡᠭᠡᠭᠰᠢᠯᠡᠪᠡ᠃ ᠰᠠᠭᠤᠳᠠᠯ ᠤᠨ ᠮᠠᠰᠢᠨ ᠲᠡᠷᠭᠡ ᠰᠣᠯᠢᠬᠤ ᠲᠥᠷᠥ ᠶᠢᠨ ᠪᠣᠳᠣᠯᠭ᠎ᠠ ᠪᠠ ᠤᠷᠤᠭᠯᠠᠬᠤ ᠳᠤ ᠲᠡᠷᠭᠡ ᠬᠤᠳᠠᠯᠳᠤᠨ ᠠᠪᠬᠤ᠂ ᠬᠥᠩᠭᠡᠵᠢᠬᠦ ᠳᠤ ᠲᠡᠷᠭᠡ ᠬᠤᠳᠠᠯᠳᠤᠨ ᠠᠪᠬᠤ ᠵᠡᠷᠭᠡ ᠬᠦᠴᠦᠨ ᠵᠦᠢᠯ ᠤᠨ ᠨᠥᠯᠥᠭᠡᠯᠡᠯ ᠳᠣᠤᠷ᠎ᠠ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ ᠲᠦᠷᠭᠡᠨ ᠨᠡᠮᠡᠭᠳᠡᠬᠦ ᠶᠢ ᠪᠠᠲᠤᠯᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢᠨ ᠦᠷᠭᠦᠯᠵᠢᠯᠡᠨ ᠳᠡᠭᠡᠭᠰᠢᠯᠡᠬᠦ ᠶᠢ ᠳᠠᠶᠢᠴᠢᠯᠠᠵᠤ᠂ ᠢᠯᠠᠩᠭᠤᠶ᠎ᠠ ᠰᠢᠨ᠎ᠡ ᠡᠨᠧᠷᠭᠢ ᠶᠢᠨ ᠮᠠᠰᠢᠨ ᠲᠡᠷᠭᠡ ᠶᠡᠭᠡ ᠬᠡᠷᠡᠭᠯᠡᠭᠡᠨ ᠤ ᠲᠥᠷᠥᠯ ᠪᠣᠯᠤᠭᠰᠠᠨ ᠤ ᠬᠤᠪᠢ ᠳᠤ᠂ ᠨᠡᠶᠢᠭᠡᠮ ᠤᠨ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠬᠦ ᠳᠤ ᠦᠵᠡᠭᠦᠯᠦᠭᠰᠡᠨ ᠦᠢᠯᠡᠳᠦᠯ ᠲᠣᠪᠤᠶᠢᠮ᠎ᠠ ᠪᠠᠶᠢᠨ᠎ᠠ᠃ 1—11 ᠳ᠋ᠦ᠋ᠭᠡᠷ ᠰᠠᠷ᠎ᠠ ᠪᠣᠯᠲᠠᠯ᠎ᠠ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ 1—10 ᠳ᠋ᠤᠭᠠᠷ ᠰᠠᠷ᠎ᠠ ᠶᠢᠨ ᠬᠢ ᠠᠴᠠ 4.1 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 2.1 ᠵᠠᠭᠤᠨ ᠤ ᠨᠢᠭᠡᠴᠢ ᠳᠡᠭᠡᠭᠰᠢ ᠲᠠᠲᠠᠵᠤ᠂ ᠳᠠᠶᠢᠴᠢᠯᠠᠬᠤ ᠦᠢᠯᠡᠳᠦᠯ 1—10 ᠳ᠋ᠤᠭᠠᠷ ᠰᠠᠷ᠎ᠠ ᠶᠢᠨ ᠬᠢ ᠠᠴᠠ 1.6 ᠵᠠᠭᠤᠨ ᠤ ᠨᠢᠭᠡᠴᠢ ᠲᠦᠷᠭᠡᠳᠪᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 58.0% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 1—10 ᠳ᠋ᠤᠭᠠᠷ ᠰᠠᠷ᠎ᠠ ᠶᠢᠨ ᠬᠢ ᠠᠴᠠ 10.4 ᠵᠠᠭᠤᠨ ᠤ ᠨᠢᠭᠡᠴᠢ ᠲᠦᠷᠭᠡᠳᠪᠡ᠃      ᠦᠢᠯᠡᠴᠢᠯᠡᠭᠡᠨ ᠤ ᠦᠢᠯᠡᠰ ᠤᠨ ᠨᠡᠮᠡᠭᠳᠡᠯ ᠲᠦᠷᠭᠡᠳᠪᠡ      ᠵᠠᠮ ᠲᠡᠭᠡᠭᠡᠪᠤᠷᠢ ᠶᠢᠨ ᠦᠢᠯᠡᠰ ᠦᠷᠨᠢᠨ ᠬᠦᠭᠵᠢᠪᠡ      1— 10 ᠳ᠋ᠤᠭᠠᠷ ᠰᠠᠷ᠎ᠠ ᠳᠤ᠂ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠡᠵᠡᠩᠨᠡᠯᠲᠡ ᠶᠢᠨ ᠣᠷᠣᠯᠭ᠎ᠠ ᠶᠢ 1011.4  ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.6% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.9 ᠵᠠᠭᠤᠨ ᠤ ᠨᠢᠭᠡᠴᠢ ᠳᠡᠭᠡᠭᠰᠢᠯᠡᠪᠡ᠃ 10 ᠠᠵᠢᠯ ᠲᠥᠷᠥᠯ ᠤᠨ ᠳᠣᠲᠣᠷ᠎ᠠ ︽8 ᠨᠡᠮᠡᠭᠳᠡᠵᠦ 2 ᠪᠠᠭᠤᠷᠠᠵᠤ︾᠂ ᠡᠭᠦᠨ ᠳᠤ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠳᠠᠶᠢᠴᠢᠯᠠᠬᠤ ᠦᠢᠯᠡᠳᠦᠯ ᠲᠣᠪᠤᠶᠢᠮ᠎ᠠ ᠪᠠᠶᠢᠵᠤ᠂ ᠡᠵᠡᠩᠨᠡᠯᠲᠡ ᠶᠢᠨ ᠣᠷᠣᠯᠭ᠎ᠠ 672.4 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠳᠡᠭᠡᠷ᠎ᠡ ᠰᠠᠷ᠎ᠠ ᠶᠢᠨ ᠬᠢ ᠠᠴᠠ 3.3 ᠵᠠᠭᠤᠨ ᠤ ᠨᠢᠭᠡᠴᠢ ᠳᠡᠭᠡᠭᠰᠢᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢ 7.9 ᠵᠠᠭᠤᠨ ᠤ ᠨᠢᠭᠡᠴᠢ ᠳᠠᠶᠢᠴᠢᠯᠠᠪᠠ᠃ ᠵᠠᠮ ᠲᠡᠭᠡᠭᠡᠪᠦᠷᠢ ᠶᠢᠨ ᠦᠢᠯᠡᠰ ᠰᠦᠯᠵᠢᠶᠡᠨ ᠤ ᠪᠠᠷᠠᠭ᠎ᠠ ᠲᠡᠭᠡᠭᠡᠪᠦᠷᠢ ᠶᠢᠨ ᠲᠠᠪᠴᠠᠩ ᠰᠢᠨ᠎ᠡ ᠪᠠᠷ ᠨᠡᠮᠡᠭᠳᠡᠵᠦ᠂ ᠨᠡᠪᠲᠡᠷᠡᠬᠦ ᠵᠠᠷᠤᠳᠠᠯ ᠤᠨ ᠨᠡᠮᠡᠭᠳᠡᠯ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠠᠳᠠᠯᠢ ᠬᠤᠭᠤᠴᠠᠭᠠᠨ ᠤ ᠬᠢ ᠠᠴᠠ        36.4% ᠨᠡᠮᠡᠭᠳᠡᠵᠦ᠂ ᠲᠥᠷᠥᠯ ᠵᠦᠢᠯ ᠤᠨ ᠨᠡᠮᠡᠭᠳᠡᠯ ᠢ 10.0 ᠵᠠᠭᠤᠨ ᠤ ᠨᠢᠭᠡᠴᠢ ᠳᠠᠶᠢᠴᠢᠯᠠᠪᠠ᠃ ᠠᠭᠠᠷ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 30.5 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.8% ᠪᠠᠷ ᠨᠡᠮᠡᠭᠳᠡᠨ᠂ ᠲᠥᠷᠥᠯ ᠵᠦᠢᠯ ᠤᠨ ᠨᠡᠮᠡᠭᠳᠡᠯ ᠢ 0.7 ᠵᠠᠭᠤᠨ ᠤ ᠨᠢᠭᠡᠴᠢ ᠳᠠᠶᠢᠴᠢᠯᠠᠪᠠ᠃      ᠪᠡᠯᠡ ᠣᠷᠤᠭᠤᠯᠤᠯᠲᠠ ᠶᠢᠨ ᠬᠡᠪᠴᠢᠶ᠎ᠡ ᠦᠷᠭᠦᠯᠵᠢᠯᠡᠨ ᠥᠷᠭᠡᠵᠢᠪᠡ      ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢᠯᠡᠷᠬᠡᠶ ᠪᠤᠯᠪᠠ      1—11 ᠳ᠋ᠦ᠋ᠭᠡᠷ ᠰᠠᠷ᠎ᠠ ᠳᠤ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.0% ᠨᠡᠮᠡᠭᠳᠡᠵᠦ᠂ 1— 10 ᠳ᠋ᠤᠭᠠᠷ ᠰᠠᠷ᠎ᠠ ᠠᠴᠠ 3.0 ᠵᠠᠭᠤᠨ ᠤ ᠨᠢᠭᠡᠴᠢ ᠳᠡᠭᠡᠭᠰᠢᠯᠡᠪᠡ᠃ ᠮᠠᠨ ᠤ ᠬᠤᠲᠠ ᠬᠠᠯᠠᠭᠤᠨ ᠳᠤᠯᠠᠭᠠᠨ ᠤ ᠢᠨᠵᠧᠨᠧᠷᠢᠩ ᠪᠠ ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠢᠯᠡᠳᠲᠡ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠵᠣ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠵᠦ᠂ 1—10 ᠳ᠋ᠤᠭᠠᠷ ᠰᠠᠷ᠎ᠠ ᠶᠢᠨ ᠬᠢ ᠠᠴᠠ 10.6 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 0.5 ᠵᠠᠭᠤᠨ ᠤ ᠨᠢᠭᠡᠴᠢ ᠥᠨᠳᠥᠷ ᠪᠣᠯᠵᠣ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 8.2 ᠵᠠᠭᠤᠨ ᠤ ᠨᠢᠭᠡᠴᠢ ᠳᠠᠶᠢᠴᠢᠯᠠᠪᠠ᠃ ᠪᠦᠲᠦᠴᠡ ᠶᠢᠨ ᠲᠠᠯ᠎ᠠ ᠠᠴᠠ ᠠᠪᠴᠤ ᠦᠵᠡᠪᠡᠯ᠂ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠵᠤ᠂ ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 45.3% ᠪᠠᠶᠢᠵᠤ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢ 16.3 ᠵᠠᠭᠤᠨ ᠤ ᠴᠡᠭ ᠳᠠᠶᠢᠴᠢᠯᠠᠵᠤ᠂ ᠲᠠᠲᠠᠬᠤ ᠬᠦᠴᠦᠨ ᠨᠢ 1—10 ᠳ᠋ᠤᠭᠠᠷ ᠰᠠᠷ᠎ᠠ ᠶᠢᠨ ᠬᠢᠨ ᠠᠴᠠ 8 ᠵᠠᠭᠤᠨ ᠤ ᠨᠢᠭᠡᠴᠢ ᠳᠡᠭᠡᠭᠰᠢᠯᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ