︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ | ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠬᠤᠯᠪᠣᠭᠠᠲᠤ ᠬᠤᠷᠠᠯ᠂ ᠳᠤᠮᠳᠠᠳᠤ ᠶᠢᠨ ᠪᠥᠬᠦ ᠤᠯᠤᠰ ᠤᠨ ᠭᠠᠷ ᠦᠢᠯᠡᠳᠪᠦᠷᠢ ᠶᠢᠨ | ᠬᠠᠮᠲᠤᠷᠠᠯᠴᠠᠭᠠᠨ ᠤ ᠶᠡᠷᠦᠩᠬᠡᠶ ᠬᠤᠷᠢᠶ᠎ᠠ ᠬᠠᠮᠲᠤᠷᠠᠨ ︽ᠪᠥᠬᠦ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠡᠷᠢᠭᠦᠨ ᠤ ᠬᠠᠮᠲᠤ᠂ | ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠬᠥᠬᠡᠬᠤᠲᠠ ᠶᠢᠨ | 1 ᠠᠵᠤ ᠠᠬᠤᠶᠢᠯᠠᠯ᠂ 1 ᠬᠤᠪᠢ ᠬᠥᠮᠦᠨ ︽ᠪᠥᠬᠦ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠡᠷᠢᠭᠦᠨ ᠤ ᠬᠠᠮᠲᠤ ᠨᠡᠶᠢᠲᠡ︾ | ᠪᠠ ︽ᠪᠥᠬᠦ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠬᠥᠳᠡᠯᠮᠦᠷᠢ ᠶᠢᠨ ᠵᠢᠱᠢᠶᠡᠴᠢ︾ ᠶᠢᠨ ᠢᠷᠠᠭᠤ ᠠᠯᠳᠠᠷ ᠢ ᠭᠥᠷᠳᠡᠪᠡ᠃ | ᠣᠶᠢᠯᠠᠭᠠᠭᠰᠠᠨ ᠢᠶᠠᠷ᠂ ᠪᠥᠬᠦ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠡᠷᠢᠭᠦᠨ ᠤ ᠬᠠᠮᠲᠤ ᠨᠡᠶᠢᠲᠡ᠂ ᠬᠥᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠨ ᠢ ᠰᠢᠯᠭᠠᠷᠠᠭᠤᠯᠬᠤ ᠠᠵᠢᠯᠯᠠᠭ᠎ᠠ ᠶᠢ ᠲᠠᠪᠤᠨ ᠵᠢᠯ ᠳᠤ ᠨᠢᠭᠡ ᠤᠳᠠᠭ᠎ᠠ ᠶᠠᠪᠤᠭᠳᠠᠵᠤ᠂ ᠬᠥᠩᠭᠡᠨ ᠠᠵᠤ | ᠦᠢᠯᠡᠳᠪᠦᠷᠢ ᠶᠢᠨ ᠠᠵᠢᠯ ᠲᠥᠷᠥᠯ ᠤᠨ ᠡᠷᠬᠡ ᠰᠦᠷᠲᠦ ᠴᠢᠨᠠᠷ ᠪᠠ ᠨᠥᠯᠥᠭᠡᠯᠡᠬᠦ ᠬᠦᠴᠦᠨ ᠪᠦᠬᠦᠢ ᠢᠷᠠᠭᠤ ᠠᠯᠳᠠᠷ ᠮᠥᠨ᠃ ᠡᠯ᠎ᠡ ᠱᠠᠲᠤᠨ ᠤ ᠠᠵᠤ | ᠦᠢᠯᠡᠳᠪᠦᠷᠢ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠠᠨᠢᠯᠴᠠᠭᠤᠯᠤᠨ ᠳᠡᠪᠰᠢᠭᠦᠯᠬᠦ ᠪᠠᠷ ᠳᠠᠮᠵᠢᠨ᠂ ᠥᠪᠥᠷ ᠮᠣᠩᠭᠤᠯ ᠤᠨ ᠢᠯᠢ ᠠᠵᠤ ᠦᠢᠯᠡᠰ ᠤᠨ | ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ︽ᠪᠥᠬᠦ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠲᠡᠷᠢᠭᠦᠨ ᠤ | ᠬᠠᠮᠲᠤ ᠨᠡᠶᠢᠲᠡ︾ ᠪᠠᠷ ᠦᠨᠡᠯᠡᠭᠳᠡᠵᠦ᠂ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ | ᠰᠢᠩᠭᠡᠨ ᠲᠥᠯᠥᠪᠲᠦ ᠰᠦ ᠶᠢᠨ ᠦᠢᠯᠡᠰ ᠤᠨ ᠬᠡᠯᠲᠡᠰ ᠤᠨ ᠪᠦᠲᠦᠭᠡᠯᠴᠢ ᠳᠡᠳ᠋ ᠶᠡᠷᠦᠩᠬᠡᠶ ᠬᠢᠨᠠᠭᠴᠢ ᠰᠦᠨ ᠴᠤᠤ ︽ᠪᠥᠬᠦ ᠤᠯᠤᠰ ᠤᠨ ᠬᠥᠩᠭᠡᠨ ᠠᠵᠤ | ᠦᠢᠯᠡᠳᠪᠦᠷᠢ ᠶᠢᠨ ᠠᠵᠢᠯ ᠲᠥᠷᠥᠯ ᠤᠨ ᠬᠥᠳᠡᠯᠮᠦᠷᠢ ᠶᠢᠨ ᠵᠢᠱᠢᠶᠡᠴᠢ︾ ᠪᠠᠷ ᠦᠨᠡᠯᠡᠭᠳᠡᠪᠡ᠃ ᠲᠣᠰ ᠱᠠᠩᠨᠠᠯ ᠨᠢ ᠢᠯᠢ ᠪᠦᠯᠦᠭᠯᠡᠯ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠶᠠᠰᠤ ᠴᠢᠨᠠᠷ ᠤᠨ ᠬᠠᠮᠢᠶᠠᠷᠤᠯᠲᠠ᠂ | ᠦᠢᠯᠡᠳᠬᠦᠨ ᠤ ᠥᠷᠢᠰᠦᠯᠳᠦᠬᠦ ᠬᠦᠴᠦᠨ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠵᠡᠷᠭᠡ ᠲᠠᠯ᠎ᠠ ᠪᠠᠷ ᠠᠵᠢᠯ ᠲᠥᠷᠥᠯ ᠤᠨ ᠡᠮᠦᠨ᠎ᠡ ᠡᠩᠨᠡᠭᠡᠨ ᠳᠤ | ᠣᠷᠣᠵᠤ ᠪᠠᠶᠢᠭ᠎ᠠ ᠶᠢ ᠬᠠᠷᠠᠭᠤᠯᠵᠤ ᠪᠠᠶᠢᠨ᠎ᠠ᠃ | ᠬᠥᠬᠡᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠢᠯᠡᠷᠬᠡᠶᠢᠯᠡᠭᠰᠡᠨ ᠨᠢ᠂ ᠲᠣᠰ ᠤᠳᠠᠭᠠᠨ ᠤ ᠬᠥᠬᠢᠭᠦᠯᠦᠯ ᠢᠶᠠᠷ | ᠠᠵᠠ ᠲᠣᠬᠢᠶᠠᠯ ᠪᠣᠯᠭᠠᠵᠤ᠂ ᠤᠯᠠᠮᠵᠢᠯᠠᠯᠲᠤ ᠳᠠᠪᠠᠭᠤᠯᠢᠭ ᠢᠳᠡᠭᠡᠨ ᠤ ᠭᠠᠷᠤᠯᠲᠠ ᠶᠢᠨ ᠣᠷᠣᠨ ᠪᠠ ᠤᠨᠴᠠᠯᠢᠬᠳᠤ ᠢᠳᠡᠭᠡᠨ ᠤ ᠠᠵᠤ ᠦᠢᠯᠡᠰ ᠤᠨ ᠪᠥᠲᠥᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠡᠨ ᠤ ᠨᠠᠷᠠᠲᠤ ᠵᠦᠢᠯᠡᠰ ᠢ ᠢᠳᠡᠪᠬᠢᠲᠡᠶ ᠪᠤᠶᠢᠵᠢᠭᠤᠯᠤᠨ᠂ ᠬᠥᠬᠡᠬᠤᠲᠠ ᠶᠢᠨ ᠴᠠᠭᠠᠨ ᠢᠳᠡᠭᠡᠨ ᠤ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠵᠡᠢ᠃ |