ᠣᠶᠢᠷ᠎ᠠ ᠳᠤ᠂ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠦᠭᠦ ᠬᠤᠲᠠ ᠶᠢᠨ ᠤᠯᠤᠰ ᠲᠥᠷᠥ ᠬᠠᠤᠯᠢ | ᠴᠠᠭᠠᠵᠠ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠤᠯᠤᠰ | ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ ᠠᠵᠢᠯ ᠤᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ | ᠨᠢᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠵᠣᠷᠢᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠨᠡᠶᠢᠲᠡ 50 ᠭᠠᠷᠤᠢ ᠬᠥᠮᠥᠨ ᠪᠣᠯᠪᠠᠰᠤᠷᠠᠯ ᠳᠤ | ᠣᠷᠣᠯᠴᠠᠵᠠᠢ᠃ | ᠪᠣᠯᠪᠠᠰᠤᠷᠠᠯ ᠳᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ︽ᠨᠢᠭᠤᠴᠠ ᠶᠢ ᠬᠠᠮᠠᠭᠠᠯᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠴᠢᠩᠭᠠᠳᠬᠠᠵᠤ ᠰᠢᠨ᠎ᠡ ᠴᠠᠭ ᠦᠶ᠎ᠡ ᠶᠢᠨ ᠤᠯᠤᠰ ᠤᠨ ᠨᠢᠭᠤᠴᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠶ᠎ᠠ︾ ᠭᠡᠬᠦ ᠭᠤᠣᠯ | ᠰᠡᠳᠦᠪ ᠤᠨ ᠲᠣᠭᠤᠷᠢᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ | ᠬᠠᠮᠠᠭᠠᠯᠠᠬᠤ ᠬᠠᠤᠯᠢ︾ ᠳᠤ ᠭᠦᠨᠵᠡᠭᠡᠢ ᠲᠠᠶᠢᠯᠤᠮᠵᠢ ᠬᠢᠵᠦ᠂ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠢ ᠪᠦᠭᠦ ᠲᠠᠯ᠎ᠠ ᠪᠠᠷ ᠵᠠᠳᠠᠯᠵᠤ᠂ | ᠨᠢᠭᠤᠴᠠ ᠶᠢ ᠬᠠᠮᠠᠭᠠᠯᠠᠬᠤ ᠳᠤ ᠡᠷᠬᠡᠪᠰᠢ ᠮᠡᠳᠡᠬᠦ ᠴᠢᠬᠤᠯᠠᠲᠠᠢ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠬᠡᠷᠬᠢᠨ ᠰᠢᠨ᠎ᠡ ᠲᠡᠦᠬᠡᠨ ᠨᠥᠬᠦᠴᠡᠯ ᠳᠣᠣᠷ᠎ᠠ᠂ | ᠨᠢᠭᠤᠴᠠ ᠶᠢ ᠬᠠᠮᠠᠭᠠᠯᠠᠬᠤ ᠠᠵᠢᠯ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠲᠤᠬᠠᠢ ᠰᠤᠳᠤᠯᠤᠨ ᠶᠠᠷᠢᠯᠴᠠᠪᠠ᠃ | ᠲᠣᠰ ᠪᠣᠯᠪᠠᠰᠤᠷᠠᠯ ᠢᠶᠠᠷ ᠳᠠᠮᠵᠢᠨ᠂ ᠣᠷᠣᠨ ᠤ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠨᠢᠭᠤᠴᠠ ᠶᠢ ᠬᠠᠮᠠᠭᠠᠯᠠᠬᠤ | ᠠᠵᠢᠯ ᠤᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠺᠠᠳ᠋ᠷᠴᠤᠳ ᠤᠨ ᠣᠨᠣᠯ ᠤᠨ ᠮᠡᠳᠡᠯᠭᠡ ᠶᠢᠨ ᠲᠦᠪᠰᠢᠨ ᠪᠠ ᠨᠢᠭᠤᠴᠠ ᠶᠢ ᠬᠠᠮᠠᠭᠠᠯᠠᠬᠤ ᠬᠡᠷᠡᠭ | ᠶᠠᠪᠤᠳᠠᠯ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠬᠤᠶᠢᠰᠢᠳᠠ ᠭᠦᠭᠡᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ | ᠬᠤᠷᠢᠶ᠎ᠠ ᠨᠢᠭᠤᠴᠠ ᠶᠢ ᠬᠠᠮᠠᠭᠠᠯᠠᠬᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠳᠦᠷᠢᠮ ᠢᠶᠠᠨ ᠲᠡᠭᠦᠯᠳᠡᠷᠵᠢᠭᠦᠯᠵᠦ᠂ ᠨᠢᠭᠤᠴᠠ ᠶᠢ ᠬᠠᠮᠠᠭᠠᠯᠠᠬᠤ | ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠪᠣᠯᠣᠨ᠎ᠠ᠃ |