ᠣᠶᠢᠷ᠎ᠠ ᠶᠢᠨ ᠡᠳᠦᠷ ᠠᠴᠠ ᠤᠮᠠᠷᠠᠲᠤ ᠣᠷᠣᠨ ᠢᠶᠠᠷ ᠴᠠᠰᠤ ᠣᠷᠣᠵᠤ᠂ ᠲᠡᠭᠷᠢ ᠬᠦᠢᠲᠡᠷᠡᠨ ᠳᠤᠯᠠᠭᠠᠨ ᠤ ᠬᠡᠮᠵᠢᠶ᠎ᠡ ᠶᠡᠭᠡ ᠪᠠᠷ ᠳᠣᠷᠣᠭᠰᠢᠯᠠᠭᠰᠠᠨ ᠪᠠᠶᠢᠨ᠎ᠠ᠃ | ᠴᠠᠭ ᠠᠭᠤᠷ ᠤᠨ ᠬᠤᠪᠢᠷᠠᠯᠲᠠ ᠶᠢ ᠳᠠᠭᠠᠯᠳᠤᠨ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠪᠣᠷᠣᠯᠠᠭᠤᠯᠤᠯᠲᠠ ᠴᠤ ᠠᠭᠠᠵᠢᠮ ᠢᠶᠠᠷ ᠰᠠᠶᠢᠵᠢᠷᠠᠵᠤ᠂ ᠠᠮᠤᠷ | ᠲᠦᠪᠰᠢᠨ ᠬᠡᠷᠡᠭᠯᠡᠬᠦ ᠪᠠ ᠰᠣᠩᠭᠤᠬᠤ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠬᠤ ᠪᠣᠯᠵᠠᠢ᠃ | ᠳᠤᠯᠠᠭᠠᠨ ᠢ ᠬᠠᠳᠠᠭᠠᠯᠠᠬᠤ ᠴᠢᠨᠠᠷ ᠪᠣᠯ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠭᠤᠣᠯ ᠴᠥᠮ᠎ᠡ ᠮᠥᠨ᠃ ᠴᠣᠮᠣ ᠶᠢᠨ ᠳᠤᠯᠠᠭᠠᠨ ᠤ ᠬᠡᠮᠵᠢᠶ᠎ᠡ ᠶᠢ | ᠬᠡᠷᠬᠢᠨ ᠮᠠᠭᠠᠳᠯᠠᠬᠤ ᠲᠤᠬᠠᠢ ᠵᠠᠷᠢᠮ ᠰᠦᠯᠵᠢᠶᠡᠨ ᠠᠨᠳᠠ ᠨᠠᠷ ᠰᠠᠨᠠᠯ ᠢᠶᠠᠨ ᠳᠠᠶᠠᠭᠠᠷ ᠤᠯᠠᠨ ᠲᠠᠢ ᠬᠤᠪᠢᠶᠠᠯᠴᠠᠭᠰᠠᠨ ᠪᠠᠶᠢᠨ᠎ᠠ᠃ ᠴᠣᠮᠣ ᠤᠷᠤᠭᠤ ᠪᠠᠨ ᠨᠢᠭᠡ | ᠦᠯᠢᠶᠡᠭᠡᠳ ᠬᠤᠷᠳᠤᠬᠠᠨ ᠴᠣᠮᠣ ᠪᠠᠨ ᠴᠢᠬᠢᠨ ᠳᠡᠭᠡᠨ ᠲᠠᠯᠪᠢᠵᠤ ᠴᠢᠩᠨᠠᠵᠤ ᠦᠵᠡᠨ᠎ᠡ᠂ ᠬᠡᠷᠪᠡ ᠢᠯᠡᠷᠬᠡᠢ ︽ᠳᠦᠩᠭᠢᠨᠡᠬᠦ︾ ᠳᠠᠭᠤ ᠭᠠᠷᠴᠤ ᠪᠠᠶᠢᠪᠠᠯ ᠴᠣᠮᠣ ᠶᠢᠨ | ᠬᠠᠯᠠᠭᠤᠨ ᠢᠶᠠᠷ ᠨᠢ ᠪᠠᠶᠢᠯᠭᠠᠬᠤ ᠴᠢᠳᠠᠪᠤᠷᠢ ᠨᠢ ᠰᠠᠶᠢᠨ ᠭᠡᠳᠡᠭ ᠢ ᠲᠣᠳᠣᠷᠬᠠᠶᠢᠯᠠᠵᠤ ᠲᠠᠶᠢᠯᠤᠨ᠎ᠠ ᠭᠡᠪᠡ᠃ ᠡᠶᠢᠮᠦ ᠠᠷᠭ᠎ᠠ ᠨᠢ ᠰᠦᠯᠵᠢᠶᠡᠨ ᠳᠡᠭᠡᠷ᠎ᠡ ︽ᠬᠡᠢ | ᠦᠯᠢᠶᠡᠵᠦ ᠴᠢᠩᠨᠠᠬᠤ︾ ᠠᠷᠭ᠎ᠠ ᠭᠡᠳᠡᠭ᠃ ᠡᠨᠡ ᠠᠷᠭ᠎ᠠ ᠨᠠᠶᠢᠳᠠᠪᠤᠷᠢᠲᠠᠢ ᠤᠤ︖ | ︽ᠬᠡᠢ ᠦᠯᠢᠶᠡᠵᠦ ᠴᠢᠩᠨᠠᠬᠤ︾ ᠠᠷᠭ᠎ᠠ ᠨᠢ ᠦᠨᠡᠨ ᠳᠡᠭᠡᠨ ︽ᠬᠢᠰᠤᠭᠠᠨ ᠬᠠᠪᠲᠠᠰᠤ ᠶᠢᠨ ᠳᠠᠷᠪᠢᠯᠲᠠ ᠶᠢᠨ ᠤᠭ ᠶᠣᠰᠣ ᠲᠠᠢ ᠠᠳᠠᠯᠢᠪᠲᠤᠷ︾ ᠶᠤᠮ᠃ | ᠴᠦᠩᠴᠢᠩ ᠶᠡᠭᠡ ᠰᠤᠷᠭᠠᠭᠤᠯᠢ ᠶᠢᠨ ᠹᠢᠽᠢᠺ ᠤᠨ ᠤᠬᠠᠭᠠᠨ ᠤ ᠳᠡᠭᠡᠳᠦ ᠰᠤᠷᠭᠠᠭᠤᠯᠢ ᠶᠢᠨ ᠳᠡᠳ᠋ ᠫᠷᠣᠹᠧᠰᠰᠣᠷ ᠭᠦᠩ ᠶᠢᠤ ᠫᠢᠨ᠄ ︽ᠬᠥᠮᠥᠰ ᠴᠣᠮᠣ᠂ | ᠬᠤᠨᠳᠠᠭ᠎ᠠ ᠮᠡᠲᠦ ᠶᠢᠨ ᠠᠮᠠᠰᠠᠷ ᠨᠢ ᠬᠠᠭᠠᠰ ᠨᠡᠭᠡᠭᠡᠯᠲᠡᠲᠡᠢ ᠪᠣᠳᠠᠰ ᠢ ᠴᠢᠬᠢ ᠳᠡᠭᠡᠨ ᠲᠠᠯᠪᠢᠬᠤ ᠳᠤ ᠴᠣᠮᠣ ᠶᠢᠨ ᠭᠠᠳᠠᠨᠠᠬᠢ ᠠᠭᠠᠷ ᠤᠨ ᠤᠷᠤᠰᠬᠠᠯ ᠨᠢ | ᠴᠣᠮᠣ ᠶᠢᠨ ᠳᠣᠲᠣᠷ᠎ᠠ ᠣᠷᠣᠵᠤ ᠢᠷᠡᠨ᠎ᠠ᠂ ᠲᠠᠷᠠ ᠨᠢ ᠴᠣᠮᠣ ᠶᠢᠨ ᠳᠣᠲᠣᠷ ᠬᠠᠨ᠎ᠠ ᠪᠣᠯᠣᠨ ᠴᠢᠬᠢ ᠪᠠᠷ ᠳᠠᠭᠢᠨ ᠳᠠᠪᠲᠠᠨ ᠪᠤᠴᠠᠵᠤ ᠡᠷᠭᠢᠳᠡᠭ ᠠᠴᠠ | ︿ᠳᠦᠩᠭᠢᠨᠡᠬᠦ﹀ ᠳᠠᠭᠤ ᠭᠠᠷᠳᠠᠭ ᠪᠠᠶᠢᠨ᠎ᠠ᠃ ᠪᠢᠳᠡ ᠶᠠᠮᠠᠷᠪᠠ ᠮᠠᠲ᠋ᠧᠷᠢᠶᠠᠯ ᠤᠨ ᠴᠣᠮᠣ ᠤᠷᠤᠭᠤ ᠬᠡᠢ ᠦᠯᠢᠶᠡᠭᠡᠳ ᠴᠢᠬᠢᠨ ᠳᠡᠭᠡᠨ ᠲᠠᠯᠪᠢᠵᠤ ᠰᠣᠨᠣᠰᠪᠠᠯ ᠪᠦᠷ | ︿ᠳᠦᠩᠭᠢᠨᠡᠬᠦ﹀ ᠳᠠᠭᠤᠨ ᠢ ᠣᠯᠵᠤ ᠰᠣᠨᠣᠰᠤᠨ᠎ᠠ᠂ ᠴᠢᠨᠠᠭᠰᠢᠯᠠᠪᠠᠯ ᠬᠡᠢ ᠦᠯᠢᠶᠡᠬᠦ ᠦᠭᠡᠢ ᠴᠤ ᠭᠡᠰᠡᠨ ︿ᠳᠦᠩᠭᠢᠨᠡᠬᠦ﹀ ᠳᠠᠭᠤᠨ ᠰᠣᠨᠣᠰᠳᠠᠳᠠᠭ᠂ ᠲᠠᠷᠠ ᠨᠢ ᠦᠨᠡᠨ | ᠳᠡᠭᠡᠨ ᠠᠭᠠᠷ ᠤᠨ ᠤᠷᠤᠰᠬᠠᠯ ᠤᠨ ᠱᠤᠤᠭᠢᠶᠠᠨ ᠲᠡᠳᠦᠢ︾ ᠭᠡᠵᠦ ᠨᠠᠷᠢᠯᠢᠭ ᠲᠠᠶᠢᠯᠪᠤᠷᠢᠯᠠᠵᠤ ᠥᠭᠴᠡᠢ᠃ | ᠲᠡᠭᠡᠪᠡᠯ ᠶᠠᠮᠠᠷᠰᠢᠤ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠴᠢᠳᠠᠪᠬᠢ ᠨᠢ ᠨᠠᠩ ᠰᠠᠶᠢᠨ ᠪᠣᠯ︖ ᠳᠤᠯᠠᠭᠠᠨ ᠢ ᠬᠠᠳᠠᠭᠠᠯᠠᠬᠤ ᠴᠣᠮᠣ ᠡᠩ ᠤᠨ | ᠴᠣᠮᠣ ᠲᠠᠢ ᠠᠳᠠᠯᠢ ᠦᠭᠡᠢ᠂ ᠬᠤᠭᠤᠰᠤᠨ ᠳᠠᠪᠬᠤᠷᠭ᠎ᠠ ᠲᠠᠢ ᠮᠥᠷᠲᠡᠭᠡᠨ ᠠᠮᠠᠰᠠᠷ ᠨᠢ ᠪᠠᠭ᠎ᠠ ᠪᠣᠯᠬᠤᠷ ᠳᠤᠯᠠᠭᠠᠨ ᠢ ᠳᠠᠮᠵᠢᠭᠤᠯᠬᠤ ᠪᠠ ᠳᠤᠯᠠᠭᠠᠨ ᠢ | ᠰᠣᠯᠢᠯᠴᠠᠭᠤᠯᠬᠤ ᠶᠢ ᠬᠤᠷᠢᠬᠯᠠᠳᠠᠭ; ᠴᠣᠮᠣ ᠶᠢᠨ ᠳᠣᠲᠣᠷ ᠬᠠᠨ᠎ᠠ ᠶᠢ ᠶᠡᠷᠦ ᠨᠢ ᠨᠢᠭᠡ ᠳᠠᠪᠬᠤᠷᠭ᠎ᠠ ᠮᠥᠩᠭᠦ ᠪᠤᠶᠤ ᠭᠠᠤᠯᠢ ᠪᠠᠷ ᠥᠩᠭᠡᠯᠡᠵᠦ᠂ ᠬᠠᠯᠠᠭᠤᠨ | ᠰᠠᠴᠤᠷᠠᠯᠲᠠ ᠶᠢ ᠪᠠᠭᠠᠰᠬᠠᠬᠤ ᠳᠤ ᠲᠤᠰᠠᠲᠠᠢ ᠪᠠᠶᠢᠳᠠᠭ᠃ ᠭᠦᠩ ᠶᠢᠦ ᠫᠢᠨ ᠬᠡᠯᠡᠬᠦ ᠳᠡᠭᠡᠨ᠂ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠬᠤᠭᠤᠰᠤᠨ | ᠳᠠᠪᠬᠤᠷᠭ᠎ᠠ ᠶᠢᠨ ᠤᠷ᠎ᠠ ᠮᠡᠷᠭᠡᠵᠢᠯ ᠪᠣᠯ ᠬᠠᠯᠠᠭᠤᠨ ᠢᠶᠠᠷ ᠨᠢ ᠪᠠᠶᠢᠯᠭᠠᠬᠤ ᠦᠷ᠎ᠡ ᠪᠦᠲᠦᠮᠵᠢ ᠶᠢᠨ ᠵᠠᠩᠭᠢᠯᠠᠭ᠎ᠠ ᠮᠥᠨ᠂ ᠭᠡᠪᠡᠴᠦ ᠡᠩ ᠤᠨ ᠬᠡᠷᠡᠭᠯᠡᠭᠴᠢᠳ ᠲᠤ | ᠠᠪᠴᠤ ᠬᠡᠯᠡᠪᠡᠯ ᠤᠷ᠎ᠠ ᠮᠡᠷᠭᠡᠵᠢᠯ ᠤᠨ ᠰᠠᠶᠢᠨ ᠮᠠᠭᠤ ᠶᠢ ᠮᠠᠭᠠᠳᠯᠠᠬᠤ ᠳᠤ ᠮᠠᠰᠢ ᠬᠦᠴᠢᠷ ᠶᠤᠮ᠃ ᠡᠶᠢᠮᠦ ᠠᠴᠠ ᠬᠡᠷᠡᠭᠯᠡᠭᠴᠢᠳ ᠬᠠᠯᠠᠭᠤᠨ ᠢᠶᠠᠷ ᠨᠢ | ᠪᠠᠶᠢᠯᠭᠠᠬᠤ ᠴᠣᠮᠣ ᠶᠢ ᠬᠤᠳᠠᠯᠳᠤᠨ ᠠᠪᠬᠤ ᠳᠠᠭᠠᠨ ᠳᠦᠷᠢᠮ ᠲᠣᠭᠲᠠᠭᠠᠯ ᠳᠤ ᠨᠡᠶᠢᠴᠡᠬᠦ ᠲᠡᠮᠳᠡᠭ ᠪᠠ ᠬᠢᠷᠢ ᠲᠡᠩᠴᠡᠭᠰᠡᠨ ᠦᠨᠡᠮᠯᠡᠯ ᠲᠠᠢ ᠪᠦᠲᠦᠭᠡᠭᠳᠡᠬᠦᠨ ᠢ | ᠬᠤᠳᠠᠯᠳᠤᠨ ᠠᠪᠬᠤ ᠶᠢ ᠰᠠᠨᠠᠭᠤᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠠᠳᠠᠯᠢ ᠪᠤᠰᠤ ᠪᠦᠲᠦᠭᠡᠭᠳᠡᠬᠦᠨ ᠤ ᠬᠠᠯᠠᠭᠤᠨ ᠢᠶᠠᠷ ᠨᠢ ᠪᠠᠶᠢᠯᠭᠠᠬᠤ ᠲᠤᠷᠰᠢᠯᠲᠠ ᠶᠢᠨ | ᠮᠡᠳᠡᠭᠦᠯᠦᠯᠲᠡ ᠪᠠᠷ ᠳᠠᠮᠵᠢᠨ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ ᠰᠣᠩᠭᠤᠵᠤ ᠪᠣᠯᠣᠨ᠎ᠠ ᠭᠡᠯᠡ᠃ | ᠨᠠᠷᠢᠯᠢᠭᠵᠢᠭᠤᠯᠤᠭᠰᠠᠨ ᠬᠡᠮᠵᠢᠶ᠎ᠡ ᠨᠢ ᠨᠡᠯᠢᠶᠡᠳ ᠥᠨᠳᠥᠷ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠵᠠᠬ᠎ᠠ ᠳᠡᠯᠭᠡᠭᠦᠷ ᠤᠨ ᠡᠮᠦᠨ᠎ᠡ᠂ ᠲᠤᠰᠬᠠᠢ | ᠮᠡᠷᠭᠡᠵᠢᠯᠲᠡᠳ ᠠᠴᠠ ᠬᠠᠯᠠᠭᠤᠨ ᠢᠶᠠᠷ ᠨᠢ ᠪᠠᠶᠢᠯᠭᠠᠬᠤ ᠦᠷ᠎ᠡ ᠪᠦᠲᠦᠮᠵᠢ ᠶᠢ ᠠᠩᠬᠠᠷᠬᠤ ᠠᠴᠠ ᠭᠠᠳᠠᠨ᠎ᠠ ᠥᠪᠡᠷ ᠤᠨ ᠬᠡᠷᠡᠭᠴᠡᠭᠡ ᠱᠠᠭᠠᠷᠳᠠᠯᠭ᠎ᠠ ᠪᠠᠨ | ᠦᠨᠳᠦᠰᠦᠯᠡᠨ ᠲᠣᠬᠢᠷᠠᠮᠵᠢᠲᠠᠢ ᠮᠠᠲ᠋ᠧᠷᠢᠶᠠᠯ ᠪᠦᠬᠦᠢ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ ᠰᠣᠩᠭᠤᠬᠤ ᠨᠢ ᠪᠠᠰᠠ ᠲᠤᠶᠢᠯ ᠤᠨ ᠴᠢᠬᠤᠯᠠ ᠭᠡᠵᠦ | ᠰᠠᠨᠠᠭᠤᠯᠪᠠ᠃ | ᠣᠯᠠᠨ ᠡᠯᠧᠺᠲᠷᠣᠨ ᠬᠤᠳᠠᠯᠳᠤᠭᠠᠨ ᠤ ᠲᠠᠪᠴᠠᠩ ᠠᠴᠠ︽ᠬᠠᠯᠠᠭᠤᠨ ᠢᠶᠠᠷ ᠨᠢ ᠪᠠᠶᠢᠯᠭᠠᠬᠤ ᠴᠣᠮᠣ︾ ᠪᠠᠷ ᠵᠠᠩᠭᠢᠯᠠᠭ᠎ᠠ ᠶᠢᠨ ᠦᠭᠡ ᠪᠣᠯᠭᠠᠨ ᠬᠠᠶᠢᠪᠠᠯ᠂ | ᠵᠠᠬ᠎ᠠ ᠳᠡᠯᠭᠡᠭᠦᠷ ᠳᠡᠭᠡᠷᠡᠬᠢ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠳᠣᠲᠣᠷ ᠪᠣᠯᠣᠨ ᠱᠦᠭᠦᠬᠦ ᠲᠣᠣᠷ ᠤᠨ ᠮᠠᠲ᠋ᠧᠷᠢᠶᠠᠯ ᠤᠨ ᠴᠢᠨᠠᠷ ᠨᠢ | ᠦᠨᠳᠦᠰᠦᠨ ᠳᠡᠭᠡᠨ 304 ᠵᠢᠪᠡᠷᠡᠬᠦ ᠦᠭᠡᠢ ᠪᠣᠯᠣᠳ᠂ 316 ᠵᠢᠪᠡᠷᠡᠬᠦ ᠦᠭᠡᠢ ᠪᠣᠯᠣᠳ ᠵᠡᠷᠭᠡ ᠪᠠᠶᠢᠵᠤ᠂ ᠴᠣᠮᠣ ᠶᠢᠨ ᠮᠠᠲ᠋ᠧᠷᠢᠶᠠᠯ ᠤᠨ ᠡᠳ᠋ ᠤᠨ ᠣᠯᠠᠩᠬᠢ ᠨᠢ | ᠴᠠᠬᠢᠭᠤᠷᠲᠤ ᠰᠢᠷᠣᠢ᠂ ᠫᠷᠤᠫᠧᠨ ᠤ ᠪᠥᠭᠡᠭᠡᠨᠡᠪᠦᠷᠢ︵PP︶ ᠵᠡᠷᠭᠡ ᠪᠣᠯᠣᠨ᠎ᠠ᠃ ᠭᠦᠩ ᠶᠧᠦ ᠫᠢᠨ ᠬᠡᠯᠡᠬᠦ ᠳᠡᠭᠡᠨ᠂ ᠬᠡᠳᠦᠶᠢᠪᠡᠷ ᠢᠳᠡᠭᠡᠨ ᠤ ᠳᠡᠰ ᠤᠨ 304 | ᠵᠢᠪᠡᠷᠡᠬᠦ ᠦᠭᠡᠢ ᠪᠣᠯᠣᠳ ᠤᠨ ᠬᠠᠯᠠᠭᠤᠨ ᠢᠶᠠᠷ ᠨᠢ ᠪᠠᠶᠢᠯᠭᠠᠬᠤ ᠴᠣᠮᠣ ᠨᠢ ᠦᠷᠭᠦᠯᠵᠢ ᠬᠠᠷᠠᠭᠳᠠᠳᠠᠭ ᠪᠤᠯᠪᠠᠴᠤ ᠤᠷᠲᠤ ᠬᠤᠭᠤᠴᠠᠭ᠎ᠠ ᠪᠠᠷ ᠴᠠᠢ ᠤᠤᠭᠤᠬᠤ | ᠪᠤᠶᠤ ᠢᠰᠬᠦᠯᠡᠩ ᠤᠮᠳᠠᠭᠠᠨ ᠰᠠᠪᠠᠯᠠᠬᠤ ᠬᠡᠷᠡᠭᠴᠡᠭᠡ ᠲᠠᠢ ᠶᠤᠮ ᠪᠣᠯ᠂ ᠢᠳᠡᠮᠡᠬᠡᠢ ᠴᠢᠨᠠᠷ ᠢ ᠡᠰᠡᠷᠭᠦᠴᠡᠬᠦ ᠴᠢᠨᠠᠷ ᠢᠶᠠᠷ ᠨᠡᠩ ᠴᠢᠩᠭ᠎ᠠ ᠡᠮᠴᠢᠯᠡᠭᠡᠨ ᠳᠤ ᠬᠡᠷᠡᠭᠯᠡᠬᠦ | ᠳᠡᠰ ᠤᠨ 316 ᠵᠢᠪᠡᠷᠡᠬᠦ ᠦᠭᠡᠢ ᠪᠣᠯᠣᠳ ᠮᠠᠲ᠋ᠧᠷᠢᠶᠠᠯ ᠤᠨ ᠴᠢᠨᠠᠷ ᠢ ᠰᠣᠩᠭᠤᠨ ᠬᠡᠷᠡᠭᠯᠡᠪᠡᠯ ᠵᠣᠬᠢᠨ᠎ᠠ᠃ ᠴᠠᠬᠢᠭᠤᠷᠲᠤ ᠰᠢᠷᠣᠢ᠂ PP ᠮᠠᠲ᠋ᠧᠷᠢᠶᠠᠯ ᠢᠶᠠᠷ | ᠦᠢᠯᠡᠳᠦᠭᠰᠡᠨ ᠴᠣᠮᠣ ᠨᠢ ᠬᠠᠷᠢᠴᠠᠩᠭᠤᠢ ᠠᠮᠤᠷ ᠲᠦᠪᠰᠢᠨ ᠪᠠᠶᠢᠵᠤ᠂ ᠥᠨᠳᠥᠷ ᠬᠠᠯᠠᠭᠤᠨ ᠳᠤ ᠬᠤᠣᠷᠲᠤ ᠪᠣᠳᠠᠰ ᠢ ᠠᠮᠠᠷᠬᠠᠨ ᠭᠠᠷᠭᠠᠬᠤ ᠦᠭᠡᠢ ᠪᠣᠯᠬᠤᠷ | ᠰᠠᠨᠠᠭ᠎ᠠ ᠠᠮᠤᠷ ᠰᠣᠩᠭᠤᠨ ᠬᠤᠳᠠᠯᠳᠤᠨ ᠠᠪᠴᠤ ᠪᠣᠯᠣᠨ᠎ᠠ ᠭᠡᠪᠡ᠃ | ᠭᠦᠩ ᠶᠢᠦ ᠫᠢᠨ᠂ ᠬᠥᠮᠥᠰ ᠤᠨ ᠬᠡᠷᠡᠭᠯᠡᠭᠡᠨ ᠤ ᠬᠡᠷᠡᠭᠴᠡᠭᠡ ᠶᠢᠨ ᠲᠠᠰ ᠳᠡᠪᠰᠢᠬᠦ ᠶᠢ ᠳᠠᠭᠠᠯᠳᠤᠨ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢᠨ ᠵᠠᠭᠪᠤᠷ | ᠨᠢ ᠤᠯᠠᠮ ᠰᠢᠨᠡᠳᠴᠦ᠂ ᠴᠢᠳᠠᠮᠵᠢ ᠨᠢ ᠴᠦ ᠲᠠᠩ ᠭᠠᠭᠴᠠ ᠬᠠᠯᠠᠭᠤᠨ ᠢᠶᠠᠷ ᠨᠢ ᠪᠠᠶᠢᠯᠭᠠᠬᠤ ᠪᠠᠶᠢᠭᠰᠠᠨ ᠠᠴᠠ ᠪᠠᠨ ᠨᠠᠩ ᠶᠡᠷᠦᠩᠬᠡᠶᠢᠯᠡᠭᠰᠡᠨ ᠴᠢᠨᠠᠷᠲᠠᠢ ᠪᠣᠯᠵᠤ᠂ | ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠣᠯᠤᠭᠰᠠᠨ ᠪᠠᠶᠢᠨ᠎ᠠ᠂ ᠵᠢᠱᠢᠶᠡᠯᠡᠪᠡᠯ᠂ ᠳᠤᠯᠠᠭᠠᠨ ᠤ ᠬᠡᠮᠵᠢᠶ᠎ᠡ ᠶᠢᠨ ᠦᠵᠡᠭᠦᠯᠭᠦ ᠳᠡᠯᠭᠡᠴᠡ ᠲᠠᠢ᠂ | ᠤᠰᠤ ᠤᠤᠭᠤᠬᠤ ᠴᠠᠭ ᠢ ᠰᠠᠨᠠᠭᠤᠯᠬᠤ ᠵᠡᠷᠭᠡ ᠣᠶᠤᠨᠴᠢᠯᠠᠭᠰᠠᠨ ᠴᠢᠳᠠᠮᠵᠢ ᠲᠠᠢ ᠪᠣᠯᠵᠠᠢ᠃ ᠬᠡᠷᠡᠭᠯᠡᠭᠴᠢᠳ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ | ᠰᠣᠩᠭᠤᠵᠤ ᠬᠤᠳᠠᠯᠳᠤᠨ ᠠᠪᠬᠤ ᠳᠠᠭᠠᠨ ᠲᠤᠰ ᠪᠡᠶ᠎ᠡ ᠶᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠲᠡᠮᠳᠡᠭ ᠨᠢ ᠪᠦᠷᠢᠨ ᠭᠦᠢᠴᠡᠳ᠂ ᠤᠷ᠎ᠠ | ᠮᠡᠷᠭᠡᠵᠢᠯ ᠨᠢ ᠲᠡᠷᠢᠭᠦᠨ ᠤ ᠬᠢ᠂ ᠮᠠᠲ᠋ᠧᠷᠢᠶᠠᠯ ᠤᠨ ᠴᠢᠨᠠᠷ ᠨᠢ ᠠᠮᠤᠷ ᠲᠦᠪᠰᠢᠨ ᠬᠠᠯᠠᠭᠤᠨ ᠢᠶᠠᠷ ᠨᠢ ᠪᠠᠶᠢᠯᠭᠠᠬᠤ ᠴᠣᠮᠣ ᠶᠢ ᠤᠷᠢᠳ ᠢᠶᠠᠷ ᠰᠣᠩᠭᠤᠬᠤ ᠬᠡᠷᠡᠭᠲᠡᠢ | ᠭᠡᠵᠦ ᠰᠠᠨᠠᠭᠤᠯᠤᠭᠰᠠᠨ ᠪᠠᠶᠢᠨ᠎ᠠ᠃ | ︵︽ᠠᠷᠠᠳ ᠤᠨ ᠰᠦᠯᠵᠢᠶ᠎ᠡ︾ ᠠᠴᠠ ᠣᠷᠴᠢᠭᠤᠯᠤᠨ ᠨᠠᠶᠢᠷᠠᠭᠤᠯᠪᠠ︶ |