— ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠠᠨ ᠲᠦᠮᠡᠨ ᠲᠠᠢ ᠤᠶᠢᠷᠠᠳᠴᠤ ᠤᠯᠠᠨ ᠲᠦᠮᠡᠨ ᠳᠤ ᠦᠢᠯᠡᠴᠢᠯᠡᠭᠰᠡᠨ | ᠪᠣᠳᠠᠲᠤ ᠲᠡᠮᠳᠡᠭᠯᠡᠯ | | | ᠡᠨᠡ ᠵᠢᠯ ᠠᠴᠠ ᠨᠠᠭᠠᠰᠢ᠂ ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ | ᠲᠣᠪᠴᠢᠶ᠎ᠠ ᠶᠢᠨ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ︽ᠲᠣᠮᠢᠯᠠᠭᠰᠠᠨ ᠰᠠᠯᠪᠤᠷᠢ ᠶᠢᠨ ᠭᠤᠣᠯ ᠰᠡᠷᠭᠡᠶᠢᠯᠡᠯᠲᠡ︾ ᠶᠢᠨ ᠣᠶᠢᠯᠠᠭᠠᠭᠳᠠᠬᠤᠨ ᠢ | ᠪᠠᠲᠤ ᠱᠤᠭᠤᠵᠤ᠂ ︽ᠴᠠᠭᠳᠠᠭ᠎ᠠ ᠠᠷᠠᠳ ᠤᠨ ᠰᠠᠨᠳᠠᠯᠢ ᠶᠢᠨ ᠬᠤᠷᠠᠯ︾ ᠪᠠ ︽ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ︾ ᠶᠢ ᠢᠳᠡᠪᠬᠢᠲᠡᠢ | ᠰᠦᠪᠡᠭᠴᠢᠯᠡᠨ ᠬᠡᠷᠡᠭᠵᠢᠭᠦᠯᠵᠦ᠂ ︽ᠵᠢᠵᠢᠭ ᠰᠠᠨᠳᠠᠯᠢ᠂ ᠮᠡᠳᠡᠯᠭᠡ ᠶᠢᠨ ᠬᠢᠴᠢᠶᠡᠯ ᠤᠨ ᠲᠠᠩᠬᠢᠮ᠂ ᠶᠡᠭᠡ ᠲᠠᠯ᠎ᠠ ᠶᠢᠨ ᠴᠢᠭᠯᠡᠯᠲᠡ︾ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠪᠠᠭᠤᠯᠭᠠᠵᠤ᠂ ᠰᠠᠭᠤᠭᠠᠯᠢ | ᠠᠷᠠᠳ ᠲᠠᠢ ᠣᠶᠢᠷᠠᠲᠤᠭᠤᠯᠵᠤ᠂ ᠲᠡᠳᠡᠨ ᠤ ᠳᠠᠭᠤᠨ ᠢ ᠰᠡᠳᠬᠢᠯ ᠲᠠᠯᠪᠢᠨ ᠰᠣᠨᠣᠰᠴᠤ ᠬᠡᠷᠡᠭᠴᠡᠭᠡ ᠶᠢ ᠦᠨᠡᠨ ᠬᠦ ᠣᠶᠢᠯᠠᠭᠠᠪᠠ᠃ | ︽ᠨᠢᠭᠡ ᠭᠡᠷ ᠤᠨ ᠬᠥᠮᠥᠨ ᠮᠡᠲᠦ︾ ᠳᠣᠲᠣᠨᠣ ᠶᠠᠪᠤᠯᠴᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ | — ᠯᠢᠦ ᠠᠨᠢᠶ᠎ᠠ ᠠ᠋᠂ ᠰᠣᠨᠤᠰᠬᠤᠯᠠᠷ ᠲᠠᠨ ᠤ ᠣᠮᠪᠣᠯᠣ ᠴᠢᠨᠢ ᠶᠡᠭᠡ ᠰᠤᠷᠭᠠᠭᠤᠯᠢ ᠳᠤ ᠰᠢᠯᠭᠠᠵᠤ ᠣᠷᠣᠵᠠᠢ ᠭᠡᠨ᠎ᠡ᠂ ᠪᠠᠶᠠᠷ ᠬᠦᠷᠭᠡᠶ᠎ᠡ︕ | — ᠸᠠᠩ ᠠᠪᠠᠭ᠎ᠠ ᠠ᠋᠂ ᠢᠳᠡᠴᠢᠬᠡᠭᠰᠡᠨ ᠦᠦ᠂ ᠮᠢᠨᠤ ᠠᠪᠴᠢᠷᠠᠭᠰᠠᠨ ᠵᠦᠷᠵᠢ ᠠᠴᠠ ᠠᠮᠲᠠᠯᠠᠵᠤ ᠦᠵᠡᠭᠡᠷᠡᠢ︕ | ᠣᠶᠢᠷ᠎ᠠ ᠶᠢᠨ ᠡᠳᠦᠷ᠂ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠴᠠᠭᠳᠠᠭ᠎ᠠ ᠯᠤᠸᠠᠨ ᠢ ᠬᠠᠷᠢᠶ᠎ᠠ ᠣᠷᠣᠨ ᠤ | ᠤᠯᠠᠨ ᠲᠦᠮᠡᠨ ᠲᠠᠢ ᠭᠦᠷ ᠬᠥᠭᠵᠢᠶᠡᠨᠲᠡᠢ ︽ᠴᠠᠭᠳᠠᠭ᠎ᠠ ᠠᠷᠠᠳ ᠤᠨ ᠰᠠᠨᠳᠠᠯᠢ ᠶᠢᠨ ᠬᠤᠷᠠᠯ︾ ᠬᠢᠵᠦ᠂ ᠵᠣᠭᠤᠭ ᠳᠡᠯᠭᠡᠬᠦ᠂ ᠠᠮᠤᠷ ᠲᠦᠪᠰᠢᠨ ᠤ ᠲᠤᠬᠠᠢ ᠤᠯᠠᠨ | ᠤᠳᠠᠭ᠎ᠠ ᠶᠠᠷᠢᠯᠴᠠᠭᠰᠠᠨ ᠠᠴᠠ ᠬᠥᠮᠥᠰ ᠯᠤᠸᠠᠨ ᠢ ᠲᠠᠢ ᠡᠭᠡᠨᠡᠭᠰᠢᠨ ᠳᠠᠰᠤᠯᠴᠠᠪᠠ᠃ | ᠵᠥᠩᠱᠠᠨ ᠵᠡᠭᠦᠨ ᠵᠠᠮ ᠨᠢ ᠬᠠᠭᠤᠴᠢᠨ ᠬᠤᠲᠠ ᠶᠢᠨ ᠲᠣᠭᠤᠷᠢᠭ ᠲᠤ ᠪᠠᠶᠢᠷᠢᠰᠢᠵᠤ᠂ ᠬᠠᠷᠢᠶ᠎ᠠ ᠣᠷᠣᠨ ᠤ ᠢᠳᠡᠷᠴᠦᠳ ᠪᠠ ᠭᠦᠭᠡᠬᠤᠳᠠ ᠳᠤ ᠠᠵᠢᠯᠯᠠᠬᠤ | ᠪᠠᠷ ᠢᠷᠡᠭᠰᠡᠳ ᠤᠯᠠᠨ ᠪᠠᠶᠢᠳᠠᠭ᠃ ᠵᠥᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠶᠢᠨ ᠬᠢᠨ ᠠᠰᠠᠭᠤᠨ ᠰᠤᠷᠪᠤᠯᠵᠢᠯᠠᠬᠤ ᠳᠤᠮᠳᠠ ᠪᠠᠨ ᠣᠯᠵᠤ | ᠮᠡᠳᠡᠭᠰᠡᠨ ᠨᠢ ᠣᠯᠠᠩᠬᠢ ᠬᠥᠮᠥᠰ ᠣᠷᠣᠢ ᠶᠢᠨ ᠬᠤᠭᠤᠯᠠᠨ ᠤ ᠦᠶ᠎ᠡ ᠪᠠᠷ ᠪᠠᠭ᠎ᠠ ᠲᠣᠭᠤᠷᠢᠭ ᠤᠨ ᠰᠡᠷᠢᠭᠦᠨ ᠮᠤᠬᠤᠯᠠᠭ ᠪᠤᠶᠤ ᠠᠭᠤᠳᠠᠮ ᠲᠠᠯᠠᠪᠠᠶ ᠳᠤ | ᠴᠤᠭᠯᠠᠷᠠᠨ ᠬᠤᠭᠤᠯᠠ ᠢᠳᠡᠬᠦ ᠪᠤᠶᠤ ᠰᠡᠯᠡᠭᠦᠴᠡᠨ ᠲᠣᠭᠤᠷᠢᠵᠤ ᠵᠣᠭᠤᠭᠳᠠᠳᠠᠭ᠃ ᠲᠡᠭᠡᠭᠡᠳ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ᠪᠣᠭᠴᠣ ᠪᠠ | ᠰᠠᠨᠳᠠᠯᠢ ᠪᠠᠨ ᠠᠪᠴᠤ᠂ ᠣᠯᠠᠨ ᠲᠦᠮᠡᠨ ᠤ ᠵᠣᠭᠤᠭ ᠤᠨ ᠬᠦᠷᠢᠶᠡᠨ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠣᠷᠣᠵᠤ᠂ ᠴᠠᠭᠳᠠᠭ᠎ᠠ ᠪᠠ ᠠᠷᠠᠳ ᠤᠨ | ᠬᠤᠭᠤᠷᠣᠨᠳᠣᠭᠢ ᠵᠠᠢ ᠶᠢ ᠣᠶᠢᠷᠠᠲᠤᠭᠤᠯᠵᠤ᠂ ᠣᠶᠢᠯᠠᠭᠠᠯᠴᠠᠭ᠎ᠠ ᠶᠢ ᠰᠢᠭᠤᠳ ᠰᠢᠯᠤᠭᠤᠨ ᠪᠣᠯᠭᠠᠵᠠᠢ᠃ | ︽ᠲᠠ ᠨᠠᠷ ᠲᠤ ᠲᠠᠯᠠᠷᠬᠠᠯ᠎ᠠ᠂ ᠲᠠ ᠨᠠᠷ ᠤᠨ ᠬᠠᠪᠰᠤᠷᠤᠯᠭ᠎ᠠ ᠦᠭᠡᠢ ᠪᠣᠯ ᠡᠨᠡ ᠠᠰᠠᠭᠤᠳᠠᠯ ᠢ ᠪᠢ ᠬᠡᠵᠢᠶ᠎ᠡ ᠰᠢᠢᠳᠪᠦᠷᠢᠯᠡᠵᠦ ᠴᠢᠳᠠᠬᠤ ᠶᠢ ᠮᠡᠳᠡᠬᠦ | ᠦᠭᠡᠢ︾᠃ ᠲᠦᠷᠦᠭᠦᠬᠡᠨ᠂ ᠵᠦᠩᠱᠠᠨ ᠵᠡᠭᠦᠨ ᠵᠠᠮ ᠤᠨ ᠲᠣᠮᠢᠯᠠᠭᠰᠠᠨ ᠰᠠᠯᠪᠤᠷᠢ ᠶᠢᠨ ᠬᠢᠨ ᠭᠠᠭᠴᠠᠭᠠᠷ ᠰᠠᠭᠤᠭ᠎ᠠ ᠯᠢᠦ ᠨᠠᠰᠤᠲᠠᠨ ᠤ ᠬᠦᠷᠭᠡᠵᠦ ᠢᠷᠡᠭᠰᠡᠨ | ︽ᠰᠢᠳᠤᠷᠭᠤ ᠶᠣᠰᠣᠨ ᠤ ᠬᠠᠮᠠᠭᠠᠯᠠᠭᠴᠢ᠂ ᠴᠠᠭᠳᠠᠭ᠎ᠠ ᠶᠢᠨ ᠦᠯᠢᠭᠡᠷ ᠳᠠᠭᠤᠷᠢᠶᠠᠯ︾ ᠭᠡᠬᠦ ᠬᠡᠮᠡᠷᠯᠢᠭ ᠲᠤᠭ ᠢ ᠭᠥᠯᠢᠶᠡᠨ ᠠᠪᠤᠯ᠎ᠠ᠃ | ᠬᠡᠷᠡᠭ ᠶᠠᠪᠤᠳᠠᠯ ᠤᠨ ᠰᠦᠪᠡᠭᠴᠢ ᠨᠢ ᠨᠡᠶᠢᠭᠡᠮ ᠲᠣᠭᠤᠷᠢᠭ ᠤᠨ ᠴᠠᠭᠳᠠᠭ᠎ᠠ ᠬᠠᠷᠢᠶ᠎ᠠ ᠣᠷᠣᠨ ᠤ ᠣᠯᠠᠨ ᠲᠦᠮᠡᠨ ᠲᠠᠢ ᠵᠣᠭᠤᠭᠳᠠᠬᠤ ᠳᠤᠮᠳᠠ ᠠᠴᠠ | ᠢᠷᠡᠯᠲᠡ ᠲᠠᠢ᠃ ᠯᠢᠦ ᠨᠠᠰᠤᠲᠠᠨ ᠴᠠᠭᠳᠠᠭ᠎ᠠ ᠳᠤ ᠬᠡᠯᠡᠬᠦ ᠳᠡᠭᠡᠨ᠂ ᠲᠡᠷᠡ ᠭᠠᠷ ᠤᠲᠠᠰᠤᠨ ᠤ ᠳᠡᠯᠭᠡᠭᠦᠷ ᠠᠴᠠ ᠨᠢᠭᠡ ᠭᠠᠷ ᠤᠲᠠᠰᠤ ᠬᠤᠳᠠᠯᠳᠤᠨ ᠠᠪᠴᠤ᠂ | ᠬᠤᠶᠠᠷ ᠡᠳᠦᠷ ᠬᠡᠷᠡᠭᠯᠡᠭᠰᠡᠨ ᠦᠭᠡᠢ ᠴᠠᠭᠢᠯᠭᠠᠨ ᠴᠡᠨᠡᠭᠯᠡᠬᠦ ᠦᠶ᠎ᠡ ᠳᠤ ᠬᠡᠪ ᠤᠨ ᠪᠤᠰᠤ ᠪᠠᠷ ᠬᠠᠯᠠᠬᠤ ᠪᠠᠶᠢᠳᠠᠯ ᠢᠯᠡᠷᠡᠵᠦ᠂ ᠭᠠᠷ ᠤᠲᠠᠰᠤᠨ ᠤ ᠳᠡᠯᠭᠡᠭᠦᠷ ᠲᠠᠢ | ᠵᠥᠪᠳᠡᠯᠴᠡᠵᠦ ᠪᠠᠶᠢᠭᠠᠳ ᠰᠣᠯᠢᠵᠤ ᠠᠪᠬᠤ ᠭᠡᠳ ᠲᠡᠪᠴᠢᠭᠳᠡᠪᠡ᠃ ᠨᠡᠶᠢᠭᠡᠮ ᠲᠣᠭᠤᠷᠢᠭ ᠤᠨ ᠴᠠᠭᠳᠠᠭ᠎ᠠ ᠨᠠᠷ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠶᠠᠷ | ᠲᠠᠯ᠎ᠠ ᠶᠢᠨ ᠠᠰᠠᠭᠤᠳᠠᠯ ᠢ ᠭᠦᠨᠵᠡᠭᠡᠢ ᠵᠠᠳᠠᠯᠵᠤ᠂ ᠯᠢᠦ ᠨᠠᠰᠤᠲᠠᠨ ᠲᠠᠢ ᠬᠠᠮᠲᠤ ᠭᠠᠷ ᠤᠲᠠᠰᠤᠨ ᠤ ᠳᠡᠯᠭᠡᠭᠦᠷ ᠲᠤ ᠢᠷᠡᠵᠦ᠂ ᠳᠡᠯᠭᠡᠭᠦᠷ ᠤᠨ ᠡᠵᠡᠨ ᠳᠤ | ᠬᠦᠯᠢᠴᠡᠩᠭᠦᠢ ᠪᠠᠷ ᠦᠵᠡᠯ ᠰᠠᠨᠠᠭᠠᠨ ᠤ ᠬᠥᠮᠦᠵᠢᠯ ᠬᠢᠵᠦ᠂ ᠬᠠᠤᠯᠢ ᠲᠣᠭᠲᠠᠭᠠᠯ ᠢ ᠤᠬᠠᠭᠤᠯᠬᠤ ᠪᠠᠷ ᠳᠠᠮᠵᠢᠨ᠂ ᠳᠡᠯᠭᠡᠭᠦᠷ ᠤᠨ ᠡᠵᠡᠨ ᠠᠴᠠ ᠨᠠᠰᠤᠲᠠᠨ ᠤ | ᠬᠦᠴᠢᠷᠳᠡᠯ ᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠭᠠᠷ ᠤᠲᠠᠰᠤ ᠪᠠᠨ ᠬᠤᠷᠢᠶᠠᠨ ᠠᠪᠬᠤ ᠶᠢᠨ ᠬᠠᠮᠲᠤ ᠨᠠᠰᠤᠲᠠᠨ ᠤ ᠵᠣᠭᠤᠰ ᠢ ᠨᠢ ᠪᠤᠴᠠᠭᠠᠪᠠ᠃ | ᠬᠤᠶᠠᠷ ᠲᠠᠯ᠎ᠠ ᠪᠠᠷ ᠢᠶᠠᠨ ᠰᠠᠶᠢᠨ ᠳᠤᠷ᠎ᠠ ᠠᠴᠠ ᠪᠠᠨ ᠡᠶᠡᠳᠡᠬᠦ ᠬᠡᠯᠡᠯᠴᠡᠭᠡᠷ ᠲᠣᠭᠲᠠᠵᠤ᠂ ᠤᠴᠢᠷ ᠶᠠᠪᠤᠳᠠᠯ ᠢ ᠡᠪ ᠲᠠᠢ ᠰᠠᠶᠢᠬᠠᠨ ᠰᠢᠢᠳᠪᠦᠷᠢᠯᠡᠪᠡ᠃ | ︽ᠶᠡᠷᠦ ᠶᠢᠨ ᠦᠭᠡᠨ ᠳᠤ᠂ ᠲᠥᠷᠥᠯ ᠰᠠᠳᠤᠨ ᠶᠠᠪᠤᠯᠴᠠᠬᠤ ᠲᠤᠳᠤᠮ ᠨᠡᠩ ᠣᠶᠢᠷ᠎ᠠ ᠳᠣᠲᠣᠨᠣ ᠪᠤᠯᠳᠠᠬ ᠭᠡᠳᠡᠭ᠂ ᠣᠯᠠᠨ ᠲᠦᠮᠡᠨ ᠤ ᠠᠵᠢᠯ ᠢ ᠬᠢᠬᠦ ᠳᠤ | ᠴᠦ ᠠᠳᠠᠯᠢᠬᠠᠨ ᠪᠢᠯᠡ︾ ᠭᠡᠵᠦ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠶᠢᠨ ᠵᠢᠭᠠᠨ ᠵᠢᠯᠣᠭᠤᠳᠤᠭᠴᠢ ᠸᠠᠩ ᠵᠢᠶᠠ ᠬᠡᠯᠡᠨ᠎ᠡ᠃ ᠴᠠᠭᠳᠠᠭ᠎ᠠ ᠤᠯᠠᠨ | ᠲᠦᠮᠡᠨ ᠬᠠᠮᠲᠤ ᠳᠠᠭᠠᠨ ᠰᠠᠭᠤᠵᠤ ᠵᠣᠭᠤᠭ ᠳᠡᠯᠭᠡᠨ᠂ ᠨᠢᠭᠡ ᠬᠦᠴᠢᠷ ᠠᠰᠠᠭᠤᠳᠠᠯ ᠢ ᠬᠠᠮᠲᠤ ᠪᠠᠷ ᠵᠥᠪᠯᠡᠵᠦ᠂ ᠨᠢᠭᠡ ᠶᠠᠪᠤᠳᠠᠯ ᠢ ᠬᠠᠮᠲᠤᠷᠠᠨ ᠬᠢᠵᠦ᠂ ︽ᠨᠢᠭᠡ | ᠭᠡᠷ ᠤᠨ ᠬᠥᠮᠥᠨ ᠮᠡᠲᠦ︾ ᠪᠣᠯᠣᠯᠴᠠᠵᠤ᠂ ᠴᠠᠭᠳᠠᠭᠠᠨ ᠤ ᠶᠠᠪᠤᠳᠠᠯ ᠤᠨ ᠦᠢᠯᠡᠴᠢᠯᠡᠭᠡ ᠪᠠᠨ ᠬᠠᠷᠢᠶ᠎ᠠ ᠣᠷᠣᠨ ᠤ ᠬᠦᠷᠢᠶ᠎ᠡ ᠪᠦᠷᠢ ᠳᠤ ᠭᠦᠨᠵᠡᠭᠡᠶᠢᠷᠡᠭᠦᠯᠦᠨ᠎ᠡ᠃ | ᠡᠨᠡ ᠵᠢᠯ ᠠᠴᠠ ᠨᠠᠭᠠᠰᠢ᠂ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ︽ᠴᠠᠭᠳᠠᠭ᠎ᠠ ᠠᠷᠠᠳ ᠤᠨ ᠰᠠᠨᠳᠠᠯᠢ ᠶᠢᠨ ᠬᠤᠷᠠᠯ︾ ᠳᠤ ᠲᠦᠰᠢᠭᠯᠡᠨ᠂ | ᠬᠥᠷᠰᠢ ᠵᠡᠷᠭᠡᠯᠡᠳᠡᠭᠡ ᠶᠢᠨ 32 ᠤᠳᠠᠭ᠎ᠠ ᠶᠢᠨ ᠵᠠᠭᠤᠷᠠᠯᠳᠤᠭᠠᠨ ᠢ ᠠᠮᠵᠢᠯᠲᠠ ᠲᠠᠢ ᠡᠶᠡᠳᠡᠭᠦᠯᠵᠦ᠂ 3600 ᠭᠠᠷᠤᠢ ᠡᠷᠦᠭᠡ ᠳᠤ ᠣᠷᠣᠵᠤ ᠠᠰᠠᠭᠤᠨ | ᠰᠤᠷᠪᠤᠯᠵᠢᠯᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | ︽ᠵᠢᠵᠢᠭ ᠬᠢᠴᠢᠶᠡᠯ ᠤᠨ ᠲᠠᠩᠬᠢᠮ︾ ᠢᠶᠠᠷ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠎ᠡ | ᠤᠬᠠᠭᠤᠯᠭ᠎ᠠ ᠬᠥᠮᠦᠵᠢᠯ ᠢ ᠬᠥᠮᠥᠰ ᠤᠨ ᠰᠡᠳᠬᠢᠯ ᠳᠤ ᠦᠨᠡᠨ ᠬᠦ ᠬᠠᠳᠠᠩᠰᠢᠭᠤᠯᠬᠤ ᠶᠢᠨ ᠵᠠᠩᠭᠢᠯᠠᠭ᠎ᠠ ᠨᠢ ᠤᠯᠠᠨ ᠲᠦᠮᠡᠨ ᠤ ᠦᠵᠡᠵᠦ ᠰᠣᠨᠣᠰᠬᠤ | ᠳᠤᠷᠠᠲᠠᠢ ᠭᠡᠯᠪᠡᠷᠢ ᠶᠢ ᠬᠡᠷᠡᠭᠯᠡᠬᠦ ᠳᠤ ᠪᠠᠶᠢᠨ᠎ᠠ᠃ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠶᠢᠨ ᠬᠠᠷᠢᠶᠠᠨ ᠳᠠᠬᠢ ᠢᠳᠡᠷ ᠥᠲᠡᠯᠦᠭᠡ ᠨᠠᠰᠤᠨ ᠤ | ᠰᠠᠭᠤᠭᠠᠯᠢ ᠠᠷᠠᠳ ᠤᠯᠠᠨ᠂ ᠣᠯᠠᠩᠬᠢ ᠬᠥᠮᠥᠰ ᠨᠤᠲᠤᠭ ᠤᠨ ᠠᠶᠠᠯᠭᠤ ᠪᠠᠷ ᠶᠠᠷᠢᠯᠴᠠᠳᠠᠭ᠃ ᠴᠠᠭᠳᠠᠭ᠎ᠠ ᠨᠠᠷ ᠡᠨᠡ ᠬᠦ ᠣᠨᠴᠠᠯᠢᠭ ᠢ ᠤᠷᠠᠨ ᠢᠶᠠᠷ ᠠᠰᠢᠭᠯᠠᠨ᠂ | ᠨᠤᠲᠤᠭ ᠤᠨ ᠠᠶᠠᠯᠭᠤ ᠳᠤ ᠭᠠᠷᠮᠠᠭᠠᠢ ᠴᠠᠭᠳᠠᠭ᠎ᠠ ᠶᠢ ᠰᠣᠩᠭᠤᠨ ᠲᠣᠮᠢᠯᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠪᠦᠳᠦᠮᠵᠢᠳᠡᠢ | ᠣᠶᠢᠯᠠᠭᠠᠨ ᠡᠵᠡᠮᠳᠡᠵᠦ᠂ ᠬᠠᠤᠯᠢ ᠪᠠᠷ ᠵᠠᠰᠠᠬᠤ ᠤᠬᠠᠭᠤᠯᠤᠨ ᠲᠠᠶᠢᠯᠪᠤᠷᠢᠯᠠᠯᠲᠠ᠂ ᠠᠷᠠᠳ ᠤᠨ ᠰᠠᠨᠠᠭ᠎ᠠ ᠶᠢᠨ ᠬᠥᠳᠡᠯᠦᠯᠴᠡᠯ ᠬᠢᠭᠡᠳ ᠬᠠᠤᠯᠢ ᠴᠠᠭᠠᠵᠠ ᠶᠢᠨ | ᠦᠢᠯᠡᠴᠢᠯᠡᠭᠡ ᠶᠢ ᠲᠥᠪᠯᠡᠷᠡᠭᠦᠯᠦᠭᠰᠡᠨ ︽ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ︾ ᠶᠢ ᠡᠭᠦᠳᠦᠨ ᠪᠠᠶᠢᠭᠤᠯᠪᠠ᠃ ᠣᠶᠢᠷ᠎ᠠ ᠳᠤ᠂ ᠳ᠋ᠦᠩ ᠨᠠᠰᠤᠲᠠᠨ | ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠲᠠᠢ ᠲᠣᠬᠢᠶᠠᠯᠳᠤᠵᠠᠢ᠃ ᠭᠡᠪᠡᠴᠦ ᠳ᠋ᠦᠩ ᠨᠠᠰᠤᠲᠠᠨ ᠡᠮᠦᠨ᠎ᠡ ᠬᠡᠳᠦᠨ ᠡᠳᠦᠷ ᠲᠤ ᠶᠠᠪᠤᠭᠳᠠᠭᠰᠠᠨ ︽ᠴᠠᠭᠢᠯᠭᠠᠨ | ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ︾ ᠲᠤᠰᠬᠠᠢ ᠲᠠᠶᠢᠯᠤᠮᠵᠢ ᠳᠤ ᠣᠷᠣᠭᠰᠠᠨ ᠠᠴᠠ ᠡᠶᠢᠮᠦᠷᠬᠦᠦ ᠮᠡᠬᠡᠯᠡᠯ ᠢ ᠰᠡᠷᠭᠡᠶᠢᠯᠡᠬᠦ ᠳᠤ ᠠᠰᠠᠭᠤᠳᠠᠯ ᠦᠭᠡᠢ | ᠪᠣᠯᠪᠠ᠃ ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ ᠠᠩᠬ᠎ᠠ ᠠᠯᠬᠤᠮ ᠦᠷ᠎ᠡ ᠪᠦᠳᠦᠮᠵᠢ ᠲᠠᠢ ᠪᠣᠯᠵᠠᠢ᠃ | ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠠᠴᠠ ᠪᠠᠶᠢᠭᠤᠯᠤᠭᠰᠠᠨ ︽ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ︾ ᠨᠢ | ᠭᠤᠣᠯᠳᠠᠭᠤ ᠪᠠᠭ᠎ᠠ ᠲᠣᠭᠤᠷᠢᠭ ᠤᠨ ᠠᠭᠤᠳᠠᠮ ᠲᠠᠯᠠᠪᠠᠢ ᠪᠠ ᠨᠡᠶᠢᠭᠡᠮ ᠲᠣᠭᠤᠷᠢᠭ ᠤᠨ ᠠᠵᠢᠯᠯᠠᠭᠠᠨ ᠤ ᠲᠠᠰᠤᠭ ᠢᠶᠠᠷ ᠵᠢᠭᠠᠨ ᠰᠤᠷᠭᠠᠯᠲᠠ ᠶᠢᠨ ᠲᠠᠯᠠᠪᠤᠷ | ᠪᠤᠯᠭᠠᠵᠤ᠂ ᠲᠣᠮᠢᠯᠠᠭᠰᠠᠨ ᠰᠠᠯᠪᠤᠷᠢ ᠶᠢᠨ ᠨᠡᠶᠢᠭᠡᠮ ᠲᠣᠭᠤᠷᠢᠭ ᠤᠨ ᠴᠠᠭᠳᠠᠭ᠎ᠠ ᠠᠴᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠳᠡᠭ᠃ ᠰᠤᠷᠭᠠᠭᠤᠯᠢ | ᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠮᠡᠬᠡᠯᠡᠯ ᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠬᠤ᠂ ᠰᠦᠷᠳᠡᠭᠦᠯᠦᠯ ᠢ ᠡᠰᠡᠷᠭᠦᠴᠡᠬᠦ ᠵᠡᠷᠭᠡ ᠡᠯ᠎ᠡ ᠲᠦᠷᠦᠯ | ᠤᠨ ᠲᠤᠰᠬᠠᠢ ᠮᠡᠷᠭᠡᠵᠢᠯ ᠤᠨ ᠴᠠᠭᠳᠠᠭ᠎ᠠ ᠶᠢ ᠤᠷᠢᠵᠤ ᠡᠭᠡᠯᠵᠢᠯᠡᠨ ᠰᠠᠭᠤᠭᠠᠯᠢ ᠠᠷᠠᠳ ᠲᠤ ᠬᠢᠴᠢᠶᠡᠯ ᠣᠷᠣᠭᠤᠯᠳᠠᠭ᠃ ᠰᠤᠷᠭᠠᠭᠤᠯᠢ ᠪᠠᠶᠢᠭᠤᠯᠤᠭᠳᠠᠭᠰᠠᠨ ᠠᠴᠠ | ᠨᠠᠭᠠᠰᠢ᠂ ᠴᠠᠭᠳᠠᠭᠠᠨ ᠤ ᠰᠤᠷᠭᠠᠭᠤᠯᠢ ᠶᠢᠨ ᠬᠢᠴᠢᠶᠡᠯ ᠤᠨ ᠠᠭᠤᠯᠭ᠎ᠠ ᠨᠢ ᠡᠯᠪᠡᠭ ᠪᠠᠶᠠᠯᠢᠭ ᠣᠯᠠᠨ ᠶᠠᠩᠵᠤ ᠶᠢᠨ ᠪᠠᠶᠢᠵᠤ᠂ ᠠᠮᠤᠷ ᠲᠦᠪᠰᠢᠨ ᠤ ᠬᠥᠮᠦᠵᠢᠯ᠂ | ᠬᠠᠤᠯᠢ ᠴᠠᠭᠠᠵᠠ ᠶᠢᠨ ᠲᠦᠭᠡᠮᠡᠯᠵᠢᠯ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠶᠢ ᠬᠠᠮᠤᠷᠴᠠᠢ᠃ ᠡᠶᠢᠮᠦᠷᠬᠦᠦ ᠠᠷᠭ᠎ᠠ | ᠭᠡᠯᠪᠡᠷᠢ ᠪᠠᠷ ᠳᠠᠮᠵᠢᠨ᠂ ᠰᠤᠷᠭᠠᠭᠤᠯᠢ ᠠᠴᠠ ᠨᠠᠩ ᠣᠯᠠᠨ ᠣᠯᠠᠨ ᠨᠡᠶᠢᠲᠡ ᠶᠢᠨ ᠡᠬᠢ ᠪᠠᠶᠠᠯᠢᠭ ᠪᠠ ᠨᠡᠶᠢᠭᠡᠮ ᠤᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ | ᠣᠷᠣᠭᠤᠯᠤᠨ ᠠᠪᠴᠢᠷᠠᠵᠤ᠂ ᠨᠠᠩ ᠨᠠᠷᠢᠯᠢᠭ ᠣᠨᠣᠪᠴᠢᠲᠠᠶ ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃ | ︽ᠴᠠᠭᠳᠠᠭ᠎ᠠ ᠶᠢᠨ ᠤᠬᠠᠭᠤᠯᠭ᠎ᠠ ᠶᠢᠨ ᠠᠭᠤᠯᠭ᠎ᠠ ᠨᠢ ᠴᠥᠮ ᠮᠠᠰᠢ ᠬᠡᠷᠡᠭᠴᠡᠭᠡ ᠲᠠᠢ ᠪᠠᠶᠢᠳᠠᠭ᠂ ᠡᠶᠢᠮᠦᠷᠬᠦ ᠠᠵᠢᠯᠯᠠᠭ᠎ᠠ ᠶᠢ ᠢᠯᠡᠭᠦᠬᠡᠨ ᠬᠢᠵᠦ ᠦᠷᠭᠦᠯᠵᠢ | ᠬᠢᠪᠡᠯ ᠵᠣᠬᠢᠨ᠎ᠠ︾᠃ ᠴᠧᠩ ᠰᠢᠨ ᠲᠣᠭᠠᠴᠢᠯᠠᠭᠰᠠᠨ ᠠᠭᠤᠳᠠᠮ ᠲᠠᠯᠠᠪᠠᠢ ᠶᠢᠨ ᠬᠤᠳᠠᠯᠳᠤᠭᠠᠴᠢᠨ ᠸᠠᠩ ᠠᠪᠤᠭᠠᠢ ᠪᠣᠯ ᠨᠡᠶᠢᠭᠡᠮ ᠲᠣᠭᠤᠷᠢᠭ ᠤᠨ ᠴᠠᠭᠳᠠᠭᠠᠨ ᠤ | ᠰᠤᠷᠭᠠᠭᠤᠯᠢ ᠶᠢᠨ ︽ᠪᠠᠶᠢᠩᠭᠤ ᠶᠢᠨ ᠰᠤᠷᠤᠬᠴᠢ︾ ᠪᠣᠯᠣᠨ᠎ᠠ᠂ ᠲᠡᠷᠡ ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ ᠶᠢᠨ ᠠᠵᠢᠯᠯᠠᠭ᠎ᠠ ᠶᠢ ᠢᠳᠡᠪᠬᠢᠲᠡᠢ | ᠳᠡᠮᠵᠢᠳᠡᠭ ᠪᠥᠭᠡᠳ ᠪᠠᠰᠠ ᠦᠷᠭᠦᠯᠵᠢ 5 ᠨᠠᠰᠤᠲᠠᠢ ᠬᠦᠦ ᠪᠠᠨ ᠳᠠᠭᠠᠭᠤᠯᠤᠨ ᠲᠤᠰᠬᠠᠶᠢᠯᠠᠨ ᠬᠢᠴᠢᠶᠡᠯ ᠰᠣᠨᠣᠰᠴᠤ ᠠᠮᠤᠷ ᠲᠦᠪᠰᠢᠨ ᠤ ᠮᠡᠳᠡᠯᠭᠡ ᠶᠢ | ᠰᠤᠷᠤᠯᠴᠠᠳᠠᠭ᠃ | ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ ᠲᠥᠪᠯᠡᠷᠡᠩᠭᠦᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠬᠠᠩᠭᠠᠭᠰᠠᠨ ᠢᠶᠠᠷ ᠪᠠᠷᠠᠬᠤ | ᠦᠭᠡᠢ ᠪᠠᠰᠠ ᠰᠠᠭᠤᠭᠠᠯᠢ ᠠᠷᠠᠳ ᠤᠨ ᠬᠡᠷᠡᠭᠴᠡᠭᠡ ᠶᠢ ᠦᠨᠳᠦᠰᠦᠯᠡᠨ᠂ ᠭᠡᠷ ᠤᠨ ᠡᠭᠦᠳᠡᠨ ᠳᠠᠬᠢ ᠵᠢᠭᠠᠨ ᠰᠤᠷᠭᠠᠯᠲᠠ ᠪᠠ ᠦᠢᠯᠡᠳᠦᠯᠭᠡ ᠶᠢᠨ ᠠᠵᠢᠯᠯᠠᠭ᠎ᠠ ᠶᠢ | ᠠᠮᠢᠳᠤᠯᠢᠭ ᠢᠶᠠᠷ ᠥᠷᠨᠢᠭᠦᠯᠪᠡ᠃ ᠠᠭᠤᠳᠠᠮ ᠲᠠᠯᠠᠪᠠᠢ ᠶᠢᠨ ᠣᠷᠣᠢ ᠶᠢᠨ ᠵᠠᠬ᠎ᠠ ᠵᠡᠷᠭᠡ ᠣᠨᠴᠠᠭᠠᠢ ᠴᠠᠭ ᠲᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ | ᠨᠡᠭᠦᠳᠡᠯ ᠦᠷᠳᠡᠭᠡ ᠪᠠᠶᠢᠭᠤᠯᠬᠤ ᠪᠠᠷ ᠲᠠᠮᠵᠢᠨ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠵᠡᠷᠭᠡ ᠠᠵᠢᠯᠯᠠᠭ᠎ᠠ ᠥᠷᠨᠢᠭᠦᠯᠵᠦ᠂ ᠬᠠᠤᠯᠢ | ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠠᠷ ᠲᠤ ᠪᠠᠷᠢᠭᠳᠠᠮ᠎ᠠ ᠬᠡᠮᠵᠢᠶᠡᠨ ᠳᠤ ᠬᠦᠷᠭᠡᠵᠡᠢ᠃ ᠡᠨᠡ ᠵᠢᠯ ᠠᠴᠠ ᠨᠠᠭᠠᠰᠢ᠂ ᠵᠦᠩᠱᠠᠨ ᠵᠡᠭᠦᠨ ᠵᠠᠮ ᠳᠠᠬᠢ | ᠲᠣᠮᠢᠯᠠᠭᠰᠠᠨ ᠰᠠᠯᠪᠤᠷᠢ ᠨᠡᠶᠢᠭᠡᠮ ᠲᠣᠭᠤᠷᠢᠭ ᠤᠨ ᠴᠠᠭᠳᠠᠭᠠᠨ ᠤ ᠰᠤᠷᠭᠠᠭᠤᠯᠢ ᠶᠢᠨ ᠲᠠᠪᠴᠠᠩ ᠢ ᠠᠰᠢᠭᠯᠠᠨ ᠠᠮᠤᠷ ᠲᠦᠪᠰᠢᠨ ᠤ ᠰᠡᠷᠭᠡᠶᠢᠯᠡᠯᠲᠡ ᠶᠢᠨ | ᠤᠬᠠᠭᠤᠯᠭ᠎ᠠ ᠬᠥᠮᠦᠵᠢᠯ ᠢ 18 ᠲᠠᠯᠠᠪᠤᠷ ᠥᠷᠨᠢᠭᠦᠯᠵᠦ᠂ ᠲᠣᠣᠷᠵᠢᠯᠳᠠ ᠶᠢᠨ ᠬᠠᠮᠢᠶᠠᠷᠤᠯᠲᠠ ᠶᠢᠨ ᠠᠵᠢᠯᠲᠠᠨ᠂ ᠵᠢᠷᠤᠮ ᠤᠨ ᠴᠠᠭᠳᠠᠭ᠎ᠠ᠂ ᠰᠠᠭᠤᠭᠠᠯᠢ ᠠᠷᠠᠳ ᠤᠨ | ᠲᠣᠭᠤᠷᠢᠭ ᠤᠨ ᠠᠮᠤᠷ ᠢ ᠬᠠᠮᠠᠭᠠᠯᠠᠬᠤ ᠠᠵᠢᠯᠲᠠᠨ ᠢ ᠵᠣᠬᠢᠶᠠᠨ ᠪᠠᠶᠢᠭᠤᠯᠤᠨ ᠬᠠᠮᠵᠢᠯᠴᠠᠨ ᠪᠤᠯᠪᠠᠰᠤᠷᠠᠭᠤᠯᠵᠤ᠂ 9 ᠲᠠᠯᠠᠪᠤᠷ ᠵᠢᠩᠬᠢᠨᠢ ᠳᠠᠶᠢᠯᠠᠯᠳᠤᠭᠠᠨ ᠤ | ᠰᠣᠷᠢᠯᠲᠠ ᠶᠢ ᠠᠮᠵᠢᠯᠲᠠ ᠲᠠᠢ ᠥᠷᠨᠢᠭᠦᠯᠪᠡ᠃ | ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠨ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ | ︽ᠲᠠ ᠨᠠᠷ ᠢ ᠡᠶᠢᠮᠦ ᠬᠤᠷᠳᠤᠨ ᠰᠢᠢᠳᠪᠦᠷᠢᠯᠡᠵᠦ ᠥᠭᠭᠦᠨ᠎ᠡ ᠭᠡᠵᠦ ᠪᠤᠳᠣᠵᠤ ᠣᠯᠣᠭᠰᠠᠨ ᠦᠭᠡᠢ᠂ ᠲᠠ ᠨᠠᠷ ᠲᠤ ᠮᠠᠰᠢ ᠪᠠᠶᠠᠷᠯᠠᠯ᠎ᠠ︕︾ ᠭᠡᠵᠦ ᠵᠠᠩ | ᠠᠪᠤᠭᠠᠢ ᠰᠡᠳᠬᠢᠯ ᠳᠣᠭᠳᠣᠯᠤᠨ ᠪᠠᠶᠢᠨ ᠲᠠᠭᠢᠨ ᠲᠠᠯᠠᠷᠬᠠᠯ ᠢᠶᠠᠨ ᠢᠯᠡᠷᠬᠡᠶᠢᠯᠡᠨ᠎ᠡ᠃ ᠲᠦᠷᠦᠭᠦᠬᠡᠨ᠂ ᠵᠠᠩ ᠠᠪᠤᠭᠠᠢ᠄ ︽ᠵᠡᠷᠭᠡᠯᠡᠳᠡᠭᠡ ᠠᠶᠢᠯ ᠤᠨ ᠲᠣᠰᠣᠨ | ᠤᠲᠤᠭ᠎ᠠ ᠭᠠᠳᠠᠭᠰᠢᠯᠠᠭᠤᠯᠬᠤ ᠠᠮᠠᠰᠠᠷ ᠨᠢ ᠶᠠᠭ ᠲᠡᠭᠦᠨ ᠤ ᠭᠡᠷ ᠤᠨ ᠴᠣᠩᠬᠤ ᠲᠠᠢ ᠨᠢ ᠠᠰᠯᠠᠵᠤ᠂ ᠭᠡᠷ ᠲᠤᠨᠢ ᠤᠳᠤᠭ᠎ᠠ ᠣᠷᠣᠵᠤ ᠪᠠᠶᠢᠨ᠎ᠠ︾ ᠭᠡᠵᠦ ᠬᠡᠷᠡᠭ | ᠮᠡᠳᠡᠭᠦᠯᠪᠡ᠃ ᠲᠡᠷᠡ ᠵᠡᠷᠭᠡᠯᠡᠳᠡᠭᠡ ᠠᠶᠢᠯ ᠲᠠᠢ ᠪᠠᠨ ᠣᠯᠠᠨᠲᠠ ᠬᠠᠷᠢᠯᠴᠠᠵᠤ᠂ ᠬᠡᠷᠡᠭ ᠡᠷᠭᠢᠯᠡᠭᠦ ᠭᠠᠵᠠᠷ ᠲᠤ ᠣᠯᠠᠨᠲᠠ ᠲᠤᠰᠬᠠᠵᠤ ᠥᠩᠭᠡᠷᠡᠭᠰᠡᠨ ᠴᠦ᠂ | ᠠᠰᠠᠭᠤᠳᠠᠯ ᠢ ᠰᠢᠢᠳᠪᠦᠷᠢᠯᠡᠵᠦ ᠳᠡᠶᠢᠯᠦᠭᠰᠡᠨ ᠦᠭᠡᠢ᠃ ᠴᠠᠭᠳᠠᠭ᠎ᠠ ᠶᠢᠨ ᠣᠯᠠᠨ ᠲᠠᠯ᠎ᠠ ᠶᠢᠨ ᠵᠣᠬᠢᠴᠠᠭᠤᠯᠭ᠎ᠠ ᠪᠠ ᠬᠠᠪᠰᠤᠷᠤᠯᠭ᠎ᠠ ᠳᠣᠣᠷ᠎ᠠ᠂ ᠵᠠᠩ ᠠᠪᠤᠭᠠᠢ ᠶᠢᠨ | ᠵᠡᠷᠭᠡᠯᠡᠳᠡᠭᠡ ᠠᠶᠢᠯ ᠤᠨ ᠬᠢᠨ ᠲᠣᠰᠣᠨ ᠤᠲᠤᠭ᠎ᠠ ᠭᠠᠳᠠᠭᠰᠢᠯᠠᠭᠤᠯᠬᠤ ᠠᠮᠠᠰᠠᠷ ᠢᠶᠠᠨ ᠰᠢᠯᠵᠢᠭᠦᠯᠦᠨ᠂ ᠵᠠᠩ ᠠᠪᠤᠭᠠᠢ ᠶᠢ ᠨᠡᠯᠢᠶᠡᠳ ᠵᠣᠪᠠᠭᠠᠵᠤ ᠪᠠᠶᠢᠭᠰᠠᠨ | ᠠᠰᠠᠭᠤᠳᠠᠯ ᠢ ᠰᠢᠢᠳᠪᠦᠷᠢᠯᠡᠵᠡᠢ᠃ | ᠤᠯᠠᠨ ᠲᠦᠮᠡᠨ ᠤ ᠮᠠᠭᠲᠠᠭᠠᠯ ᠰᠠᠶᠢᠰᠢᠶᠠᠯ ᠪᠣᠯ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠳᠤ ᠥᠭᠭᠦᠭᠰᠡᠨ ᠬᠠᠮᠤᠭ ᠤᠨ ᠰᠠᠶᠢᠨ | ᠨᠤᠲᠠᠯᠠᠯᠲᠠ ᠪᠠ ᠵᠣᠷᠢᠭᠵᠢᠭᠤᠯᠤᠯ ᠪᠣᠯᠣᠨ᠎ᠠ᠃ ᠡᠨᠡ ᠵᠢᠯ ᠠᠴᠠ ᠨᠠᠭᠠᠰᠢ᠂ ᠵᠦᠩᠱᠠᠨ ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠰᠢᠨ᠎ᠡ ᠴᠠᠭ ᠦᠶ᠎ᠡ ᠶᠢᠨ | ︽ᠹᠧᠩ ᠴᠢᠶᠤᠤ ᠶᠢᠨ ᠲᠤᠷᠰᠢᠯᠭ᠎ᠠ︾ ᠪᠠᠷ ᠵᠢᠯᠣᠭᠤᠳᠤᠯᠭ᠎ᠠ ᠪᠤᠯᠭᠠᠵᠤ᠂ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠰᠠᠭᠤᠷᠢ ᠠᠵᠢᠯ ᠢ ᠪᠦᠭᠦ ᠲᠠᠯ᠎ᠠ ᠪᠠᠷ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠴᠢᠨᠠᠭᠰᠢᠳᠠ | ᠳᠡᠭᠡᠭᠰᠢᠯᠡᠭᠦᠯᠪᠡ᠃ ᠣᠳᠣᠬᠠᠨ ᠪᠤᠯᠲᠠᠯ᠎ᠠ ᠲᠣᠮᠢᠯᠠᠭᠰᠠᠨ ᠰᠠᠯᠪᠤᠷᠢ ᠨᠢ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠢ ᠨᠡᠶᠢᠲᠡ 393 ᠤᠳᠠᠭ᠎ᠠ ᠡᠶᠡᠳᠡᠭᠦᠯᠵᠦ᠂ | ᠡᠶᠡᠳᠡᠭᠦᠯᠦᠭᠰᠡᠨ ᠨᠣᠷᠮ᠎ᠠ ᠨᠢ 99 % ᠳᠤ ᠬᠦᠷᠴᠦ᠂ ᠣᠯᠠᠨ ᠲᠦᠮᠡᠨ ᠳᠤ ᠪᠣᠳᠠᠲᠠᠢ ᠠᠰᠠᠭᠤᠳᠠᠯ ᠢ 530 ᠭᠠᠷᠤᠢ ᠰᠢᠢᠳᠪᠦᠷᠢᠯᠡᠵᠦ᠂ ᠣᠯᠠᠨ ᠲᠦᠮᠡᠨ ᠤ | ᠬᠦᠷᠭᠡᠭᠰᠡᠨ 24 ᠬᠡᠮᠡᠷᠯᠢᠭ ᠲᠤᠭ ᠢ ᠣᠯᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠪᠦᠲᠦᠮᠵᠢᠲᠡᠶ | ᠳᠡᠭᠡᠭᠰᠢᠯᠡᠭᠦᠯᠪᠡ᠃ | ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠣᠯᠭᠤᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠵᠦᠩᠱᠠᠨ | ᠵᠡᠭᠦᠨ ᠵᠠᠮ ᠳᠠᠬᠢ ᠲᠣᠮᠢᠯᠠᠭᠰᠠᠨ ᠰᠠᠯᠪᠤᠷᠢ ᠨᠢ ︽ᠲᠤᠰᠬᠠᠢ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ︾ ᠶᠢᠨ ᠰᠢᠨ᠎ᠡ ᠭᠡᠯᠪᠡᠷᠢ ᠶᠢᠨ ᠴᠠᠭᠳᠠᠭᠠᠨ ᠤ | ᠶᠠᠪᠤᠳᠠᠯ ᠤᠨ ᠠᠵᠢᠯᠯᠠᠭᠠᠨ ᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠬᠦ ᠪᠠᠷ ᠭᠠᠷᠳᠠᠴᠠ ᠪᠤᠯᠭᠠᠵᠤ᠂ ︽ᠲᠣᠮᠢᠯᠠᠭᠰᠠᠨ ᠰᠠᠯᠪᠤᠷᠢ ᠭᠤᠣᠯᠯᠠᠨ ᠰᠡᠷᠭᠡᠶᠢᠯᠡᠬᠦ︾ | ᠠᠵᠢᠯ ᠤᠨ ᠣᠶᠢᠯᠠᠭᠠᠭᠳᠠᠬᠤᠨ ᠢ ᠢᠳᠡᠪᠬᠢᠲᠡᠢ ᠬᠡᠷᠡᠭᠵᠢᠭᠦᠯᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠠᠶᠢᠴᠢᠨ ᠬᠦᠴᠦᠨ ᠢ ᠲᠦᠷᠭᠡᠳᠬᠡᠨ ᠪᠤᠶ | ᠪᠤᠯᠭᠠᠬᠤ ᠪᠠ ᠳᠡᠭᠡᠭᠰᠢᠯᠡᠭᠦᠯᠵᠦ᠂ ᠨᠠᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠤ ᠲᠥᠪ ᠬᠤᠳᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠣᠮᠢᠯᠠᠭᠰᠠᠨ | ᠰᠠᠯᠪᠤᠷᠢ ᠶᠢᠨ ᠬᠦᠴᠦᠨ ᠴᠢᠳᠠᠯ ᠢᠶᠠᠨ ᠡᠷᠭᠦᠨ᠎ᠡ᠃ | | | | | |