ᠵᠠᠯᠠᠭᠤ ᠨᠠᠮ ᠤᠨ ᠭᠡᠰᠢᠭᠦᠳ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠵᠤ ᠠᠵᠢᠯ ᠤᠯᠭᠤᠬᠤ ︽ᠡᠭᠦᠯᠡᠨ︾ ᠬᠥᠭᠦᠷᠭᠡ ᠴᠣᠭᠴᠠᠯᠠᠪᠠ
ᠨᠡᠶᠢᠲᠡᠯᠡᠭᠰᠡᠨ ᠴᠠᠭ᠄
2024/12/3
1203.jpg
      12 ᠳ᠋ᠤᠭᠠᠷ ᠰᠠᠷ᠎ᠠ ᠶᠢᠨ 2 ᠤᠨ ᠡᠳᠦᠷ᠂ ᠵᠠᠯᠠᠭᠤ ᠨᠠᠮ ᠤᠨ ᠭᠡᠰᠢᠭᠦᠨ ᠢᠦᠢ ᠴᠢᠤᠸᠠᠨ ᠲᠣᠭᠤᠷᠢᠭ ᠤᠨ ︽ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠠᠵᠢᠯ ᠣᠯᠭᠤᠯᠲᠠ ᠶᠢ ᠠᠬᠢᠭᠤᠯᠬᠤ︾ ᠴᠢᠳᠠᠪᠤᠷᠢᠲᠠᠨ ᠤ ᠬᠤᠣᠰ ᠰᠣᠩᠭᠤᠯᠲᠠ ᠶᠢᠨ ᠠᠵᠢᠯᠲᠠᠨ ᠡᠯᠰᠡᠬᠦ ᠲᠤᠬᠠᠢ ᠶᠢᠨ ᠲᠠᠯᠠᠪᠠᠢ ᠳᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠪᠠ᠃      ᠣᠶᠢᠷ᠎ᠠ ᠶᠢᠨ ᠵᠢᠯ ᠠᠴᠠ ᠨᠠᠭᠠᠰᠢ᠂ ᠢᠦᠢ ᠴᠢᠤᠸᠠᠨ ᠲᠣᠭᠤᠷᠢᠭ ᠤᠨ ᠬᠢᠨ ᠵᠠᠯᠠᠭᠤ ᠨᠠᠮ ᠤᠨ ᠭᠡᠰᠢᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠯᠠᠭᠤ ᠨᠠᠮ ᠤᠨ ᠭᠡᠰᠢᠭᠦᠨ ᠤ ᠡᠩᠨᠡᠭᠡ ᠶᠢ ᠠᠰᠢᠭᠯᠠᠨ ︽ᠢᠨᠲ᠋ᠧᠷ ᠰᠦᠯᠵᠢᠶ᠎ᠡ ᠪᠠᠷ ᠠᠵᠢᠯ ᠣᠯᠭᠤᠬᠤ︾ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠦ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠬᠤᠣᠰ ᠴᠢᠭᠯᠡᠯ ᠤᠨ ᠰᠣᠯᠢᠯᠴᠠᠭᠠᠨ ᠤ ᠲᠠᠪᠴᠠᠩ  ᠬᠠᠩᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ ᠰᠠᠶᠢᠲᠤᠷ ᠬᠢᠬᠦ ᠪᠠᠷ ᠪᠠᠷᠠᠬᠤ ᠦᠭᠡᠢ ᠪᠠᠰᠠ ᠮᠣᠷᠠᠯ ᠴᠢᠳᠠᠪᠤᠷᠢ ᠬᠤᠤᠰᠯᠠᠭᠰᠠᠨ ᠥᠨᠳᠥᠷ ᠬᠡᠪ ᠪᠣᠯᠪᠠᠰᠤᠷᠠᠯ ᠲᠠᠢ ᠵᠠᠯᠠᠭᠤ ᠺᠠᠳ᠋ᠷ ᠤᠨ ᠡᠩᠨᠡᠭᠡ ᠶᠢ ᠬᠥᠮᠥᠵᠢᠭᠦᠯᠪᠡ᠃      ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ