︵ᠰᠤᠷᠪᠤᠯᠵᠢᠯᠠᠭᠴᠢ ᠰᠦᠨ ᠶᠤᠸᠠᠢ ᠯᠦᠩ︶ 12 ᠳ᠋ᠤᠭᠠᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠪᠣᠯᠤᠨ ᠰᠢ ᠯᠢ ᠺᠧ ᠰᠢᠨ᠎ᠡ ᠡᠨᠧᠷᠭᠢ ︵ᠱᠠᠩᠬᠠᠢ︶ ᠶᠢᠨ ᠬᠢᠵᠠᠭᠠᠷᠲᠤ ᠺᠣᠮᠫᠠᠨᠢ 20000 ᠲᠣᠨ ᠴᠠᠬᠢᠭᠤᠷ | ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ | ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ | ᠰᠢ ᠯᠢ ᠺᠧ ᠰᠢᠨ᠎ᠡ ᠡᠨᠧᠷᠭᠢ ︵ᠱᠠᠩᠬᠠᠶ︶ ᠶᠢᠨ ᠬᠢᠵᠠᠭᠠᠷᠲᠤ ᠺᠣᠮᠫᠠᠨᠢ ᠪᠣᠯ ᠳᠡᠭᠡᠳᠦ ᠲᠠᠰ ᠤᠨ CVD ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ | ᠲᠦᠢᠯ ᠤᠨ ᠮᠠᠲ᠋ᠧᠷᠢᠶᠠᠯ ᠵᠢᠴᠢ ᠲᠡᠭᠦᠨ ᠤ ᠲᠦᠭᠦᠬᠡᠶ ᠮᠠᠲ᠋ᠧᠷᠢᠶᠠᠯ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠺᠣᠮᠫᠠᠨᠢ ᠪᠣᠯᠤᠨ᠎ᠠ᠃ 2024 ᠣᠨ ᠤ 4 ᠳ᠋ᠦ᠋ᠭᠡᠷ ᠰᠠᠷ᠎ᠠ ᠳᠤ ᠴᠠᠬᠢᠭᠤᠷ ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ ᠳᠤᠮᠳᠠ | ᠲᠤᠷᠰᠢᠯᠲᠠ ᠶᠢᠨ ᠱᠤᠭᠤᠮ ᠪᠠ ᠳᠡᠭᠡᠳᠦ ᠲᠠᠰ ᠤᠨ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠥᠭᠡᠳ ᠥᠯᠢᠭᠡᠷ ᠢ ᠨᠢᠩ | ᠳ᠋ᠧ ᠴᠠᠭ ᠦᠶ᠎ᠡ᠂ ᠵᠦᠩ ᠴᠤᠸᠠᠩ ᠰᠢᠨ᠎ᠡ ᠠᠶᠠᠯᠠᠯ᠂ ᠶᠤᠸᠠᠨ ᠵᠢᠩ ᠬᠥᠳᠡᠯᠭᠡᠬᠦ ᠬᠦᠴᠦᠨ᠂ ᠪᠢ ᠶᠠ ᠳ᠋ᠢ᠂ ᠵᠢᠢ ᠯᠢ᠂ ᠷᠦᠢ ᠫᠦ᠋ ᠯᠠᠨ ᠵᠢᠶᠦ᠋ᠨ ᠵᠡᠷᠭᠡ 30 | ᠭᠠᠷᠤᠶ ᠳ᠋ᠢᠶᠠᠨ ᡂᠢ ᠶᠢᠨ ᠦᠢᠯᠡᠳᠪᠦᠷᠢ ᠳᠤ ᠬᠦᠷᠭᠡᠨ ᠰᠢᠯᠭᠠᠨ ᠪᠠᠶᠢᠴᠠᠭᠠᠪᠠ᠃ ᠰᠢᠯᠭᠠᠨ ᠪᠠᠶᠢᠴᠠᠭᠠᠭᠰᠠᠨ ᠳ᠋ᠦᠩ ᠳᠤ᠂ ᠰᠢ ᠯᠢ ᠺᠧ ᠶᠢᠨ ᠮᠠᠲ᠋ᠧᠷᠢᠶᠠᠯ ᠨᠢ | ᠲᠡᠯᠡᠯᠲᠡ ᠶᠢ ᠡᠵᠡᠮᠳᠡᠬᠦ᠂ ᠬᠡᠶ ᠦᠢᠯᠡᠳᠪᠦᠷᠢᠯᠡᠬᠦ᠂ ᠥᠨᠳᠥᠷ ᠳᠤᠯᠠᠭᠠᠨ ᠬᠠᠳᠠᠭᠠᠯᠠᠬᠤ ᠵᠡᠷᠭᠡ ᠣᠯᠠᠨ ᠭᠤᠤᠯ ᠪᠣᠯᠬᠤ ᠭᠦᠢᠴᠡᠳᠭᠡᠯ ᠲᠤᠭ᠎ᠠ ᠶᠢᠨ ᠲᠠᠯ᠎ᠠ ᠪᠠᠷ | ᠠᠵᠢᠯ ᠲᠥᠷᠥᠯ ᠤᠨ ᠨᠢᠭᠡᠳᠦᠭᠡᠷ ᠡᠩᠨᠡᠭᠡᠨ ᠳᠤ ᠣᠷᠣᠰᠢᠵᠤ ᠪᠠᠶᠢᠨ᠎ᠠ᠃ | ᠲᠣᠰ ᠤᠳᠠᠭ᠎ᠠ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠯᠠ ᠣᠷᠣᠭᠤᠯᠤᠭᠰᠠᠨ 20000 ᠲᠣᠨ ᠴᠠᠬᠢᠭᠤᠷ | ᠨᠡᠭᠦᠷᠡᠰᠦᠲᠥ᠋ᠷᠥᠭᠴᠢ ᠶᠢᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 42 | ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 30 ᠳ᠋ᠦᠩᠰᠢᠭᠤᠷ ᠲᠥᠭᠦᠷᠢᠭ ᠪᠠᠶᠢᠵᠤ᠂ ᠪᠠᠷᠤᠭ 660 | ᠮᠥ ᠲᠠᠯᠠᠪᠠᠶ ᠡᠵᠡᠯᠡᠵᠦ᠂ ᠲᠥᠷᠥᠯ ᠵᠦᠢᠯ ᠪᠦᠬᠦᠨ ᠢᠶᠠᠷ ᠢᠶᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ ᠵᠢᠯ ᠤᠨ ᠦᠢᠯᠡᠳᠭᠦᠨ ᠤ ᠥᠷᠲᠡᠭ ᠢ 55 | ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.7 ᠳ᠋ᠦᠩᠰᠢᠭᠤᠷ ᠲᠥᠭᠦᠷᠢᠭ ᠭᠠᠶᠢᠯᠢ ᠲᠤᠰᠢᠶᠠᠵᠤ᠂ ᠲᠤᠬᠠᠶ ᠶᠢᠨ ᠭᠠᠵᠠᠷ ᠤᠨ 1000 ᠭᠠᠷᠤᠶ ᠬᠥᠮᠦᠨ ᠳᠤ | ᠠᠵᠢᠯ ᠤᠯᠭᠤᠬᠤ ᠪᠤᠯᠤᠨ᠎ᠠ᠃ | ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠬᠥᠭᠵᠢᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠲᠥᠯᠦᠨ ᠳᠠᠭᠠᠭᠤᠯᠬᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ᠂ ᠪᠠᠰᠠ ᠴᠤ ᠤᠯᠤᠰ ᠤᠨ ︽ᠬᠤᠤᠰ ᠨᠡᠭᠦᠷᠡᠰᠦᠲᠥ᠋ᠷᠥᠭᠴᠢ ᠶᠢᠨ | ᠪᠠᠶᠢᠯᠳᠤᠬᠤ ᠪᠣᠳᠣᠯᠭ᠎ᠠ︾ ᠶᠢ ᠦᠢᠯᠡᠳᠦᠯᠭᠡᠵᠢᠭᠦᠯᠵᠦ᠂ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠶᠢᠨ ᠪᠣᠳᠠᠲᠠᠶ ᠢᠯᠡᠷᠡᠯ ᠮᠥᠨ᠃ |