ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2024/12/30
ᠪᠣᠣ ᠭᠠᠩ ᠬᠤᠷᠠᠯ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 12 ᠳ᠋ᠤᠭᠠᠷ ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠤᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠴᠢᠨᠠᠭᠰᠢᠳᠠ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠳᠦᠷ ᠲᠤᠳᠤᠮ ᠤᠨ ᠠᠵᠢᠯ ᠳᠤ ᠠᠭᠤᠰᠤᠯᠴᠠᠬᠤ᠂ ᠪᠠᠶᠢᠩᠭᠤ ᠠᠳᠬᠤᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠠᠷᠢᠭᠤᠨ ᠴᠢᠬᠡᠴᠢ ᠪᠠᠷ ᠠᠵᠢᠯ ᠬᠢᠬᠦ᠂ ᠵᠣᠷᠢᠭᠲᠠᠢ ᠪᠠᠷ ᠠᠵᠢᠯ ᠬᠢᠬᠦ ᠶᠢ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠬᠡᠪ ᠳᠠᠭᠤᠷᠢᠶᠠᠯ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠣᠰᠣᠭᠠᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠠᠷᠢᠨ ᠬᠢᠨᠠᠮᠠᠭᠠᠢ ᠰᠠᠶᠢᠲᠤᠷ ᠪᠡᠯᠡᠳᠬᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠤᠯᠠᠮᠵᠢᠯᠠᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠪᠠ ᠦᠨ᠎ᠡ ᠬᠠᠩᠰᠢ ᠶᠢ ᠬᠢᠨᠠᠨ ᠬᠡᠮᠵᠢᠬᠦ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠲᠦᠮᠡᠨ ᠤ ᠪᠠᠶᠠᠷ ᠤᠨ ᠡᠳᠦᠷ ᠢᠶᠠᠨ ᠪᠠᠶᠠᠷ ᠬᠦᠷ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦᠳᠡ ᠬᠤᠷᠠᠯ ᠠᠴᠠ ᠲᠣᠳᠣᠷᠬᠠᠶᠢᠯᠠᠭᠰᠠᠨ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠱᠠᠭᠠᠷᠳᠠᠯᠭ᠎ᠠ ᠲᠠᠢ ᠬᠠᠷᠢᠴᠠᠭᠤᠯᠤᠨ᠂ ᠢᠷᠡᠬᠦ ᠵᠢᠯ ᠤᠨ ᠬᠥᠭᠵᠢᠯᠲᠡ ᠶᠢᠨ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠤᠷᠤᠨ ᠤ ᠲᠥᠪ ᠬᠤᠲᠠ ᠳᠤ ᠲᠡᠷᠡ ᠬᠡᠪ ᠢᠶᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠲᠠ ᠶᠢᠨ 2024 ᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ 2025 ᠣᠨ ᠤ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠪᠠ᠃ ᠬᠤᠷᠠᠯ ᠠᠴᠠ ᠲᠣᠭᠲᠠᠭᠠᠭᠰᠠᠨ ᠨᠢ᠂ ᠪᠦᠬᠦᠳᠡ ᠬᠤᠷᠠᠯ ᠢ 12 ᠰᠠᠷ᠎ᠠ ᠶᠢᠨ 30 ᠤ ᠡᠳᠦᠷ ᠬᠤᠷᠠᠯᠳᠤᠭᠤᠯᠵᠤ᠂ ᠭᠤᠣᠯ ᠡᠭᠦᠷᠭᠡ ᠪᠣᠯ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠵᠢᠨ‌ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠤᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ