| | | 12 ᠳ᠋ᠤᠭᠠᠷ ᠰᠠᠷ᠎ᠠ ᠶᠢᠨ 26 ᠤ ᠡᠳᠦᠷ ᠤᠨ 17 ᠴᠠᠭ 45 ᠮᠢᠨᠦ᠋ᠲ ᠲᠤ᠂ ᠬᠡᠮᠵᠢᠯᠲᠡ ᠶᠢᠨ ᠲᠤᠭ᠎ᠠ ᠬᠡᠮᠵᠢᠭᠳᠡᠯ ᠤᠨ ᠬᠤᠪᠢᠷᠠᠯᠲᠠ ᠶᠢ ᠳᠠᠭᠠᠯᠳᠤᠨ᠂ | ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ ᠤ ᠺᠣᠮᠫᠠᠨᠢ ᠶᠢᠨ ᠲᠦᠯᠡᠰᠢᠨ ᠨᠡᠭᠦᠷᠡᠰᠦ ᠶᠢᠨ ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ | ᠳᠠᠬᠢᠨ ᠡᠭᠦᠰᠴᠦ ᠪᠣᠯᠬᠤ ᠡᠨᠧᠷᠭᠢ ᠤᠷᠤᠯᠠᠭᠤᠯᠬᠤ 360 MW ᠭᠡᠷᠡᠯ ᠴᠡᠨᠡᠭ ᠤᠨ ᠲᠥᠷᠥᠯ ᠵᠦᠢᠯ ᠠᠮᠵᠢᠯᠲᠠ ᠲᠠᠢ ᠪᠠᠷ ᠲᠣᠣᠷ ᠨᠡᠶᠢᠯᠡᠭᠦᠯᠦᠨ ᠴᠠᠬᠢᠯᠭᠠᠨ | ᠭᠠᠷᠭᠠᠪᠠ᠃ | ᠲᠣᠰ ᠲᠥᠷᠥᠯ ᠵᠦᠢᠯ ᠨᠢ ᠲᠣᠭᠲᠠᠬᠤ ᠰᠢᠶᠠᠨ ᠤ ᠲᠠᠪᠢᠨ ᠭᠡᠷ ᠪᠠᠯᠭᠠᠰᠤᠨ ᠳᠤ ᠪᠠᠶᠢᠷᠢᠯᠠᠵᠤ᠂ ᠭᠤᠤᠯᠳᠠᠭᠤ ᠬᠤᠵᠢᠷᠯᠢᠭ᠂ ᠠᠲᠠᠷ ᠭᠠᠵᠠᠷ ᠢ ᠠᠰᠢᠭᠯᠠᠨ | ᠭᠠᠵᠠᠷ ᠤᠨ ᠭᠠᠳᠠᠷᠭᠤ ᠶᠢᠨ ᠬᠡᠷᠡᠯ ᠴᠡᠨᠡᠭ ᠤᠨ ᠪᠥᠲᠥᠭᠡᠨ ᠪᠠᠶᠢᠭᠤᠯᠤᠯᠲᠠ ᠬᠢᠵᠡᠢ᠃ ᠲᠥᠷᠥᠯ ᠵᠦᠢᠯ ᠤᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ | 360MW᠂ ᠴᠠᠬᠢᠯᠭᠠᠨ ᠭᠠᠷᠭᠠᠬᠤ ᠰᠢᠰᠲ᠋ᠧᠮ ᠳᠤ ᠨᠡᠶᠢᠲᠡ 116 ᠬᠤᠪᠢᠶᠠᠷᠢ ᠵᠢᠭᠰᠠᠭᠠᠯ ᠪᠠᠭᠲᠠᠵᠤ᠂ 220kV ᠬᠦᠴᠦᠳᠡᠯ ᠳᠡᠭᠡᠭᠰᠢᠯᠡᠭᠦᠯᠬᠦ ᠥᠷᠲᠡᠭᠡ | ᠵᠢᠴᠢ ᠨᠢᠭᠡ ᠵᠤᠷᠪᠤᠰ 220kV ᠪᠤᠴᠠᠯᠲᠠ ᠶᠢᠨ ᠱᠤᠭᠤᠮ ᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ ᠲᠣᠰ ᠺᠣᠮᠫᠠᠨᠢ ᠶᠢᠨ ᠥᠪᠡᠷᠲᠡᠭᠡᠨ ᠬᠡᠷᠡᠭᠯᠡᠬᠦ | ᠴᠠᠬᠢᠯᠭᠠᠨ ᠤ ᠦᠢᠯᠡᠳᠪᠦᠷᠢ ᠶᠢᠨ 220kV ᠬᠦᠴᠦᠳᠡᠯ ᠥᠭᠡᠷᠡᠴᠢᠯᠡᠬᠦ ᠥᠷᠲᠡᠭᠡᠨ ᠳᠤ ᠰᠢᠭᠤᠳ ᠵᠠᠯᠭᠠᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ | ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ 7 ᠳ᠋ᠦᠩᠰᠢᠭᠤᠷ ᠺᠢᠯᠣᠸᠠᠲ ᠴᠠᠭ ᠬᠦᠷᠴᠦ᠂ ᠵᠢᠯ ᠪᠦᠷᠢ ᠪᠠᠷᠤᠭ 17 ᠲᠦᠮᠡᠨ ᠲᠣᠨ | ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ 47 ᠲᠦᠮᠡᠨ ᠲᠣᠨ ᠪᠠᠭᠠᠰᠬᠠᠬᠤ ᠪᠣᠯᠤᠨ᠎ᠠ᠃ | ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠭᠦ᠋ ᠴᠢᠮᠡᠭᠡᠯᠡᠭᠴᠢ ᠸᠠᠩ ᠴᠢᠶᠠᠨ ᠶᠤᠸᠠᠢ ᠬᠤᠩ ᠰᠡᠭᠦᠳᠡᠷᠯᠡᠪᠡ | |