︵ᠰᠤᠷᠪᠤᠯᠵᠢᠯᠠᠭᠴᠢ ᠯᠢᠶᠠᠩ ᠵᠢᠩ ᠱᠦ ᠰᠢᠨ᠎ᠡ︶ 12 ᠳ᠋ᠤᠭᠠᠷ ᠰᠠᠷ᠎ᠠ ᠶᠢᠨ 29 ᠤ ᠡᠳᠦᠷ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ | ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠬᠦ ᠫᠯᠠᠲ᠋ᠦ᠋ᠰ PC— 12 ᠨᠢᠰᠬᠡᠯ ᠯᠣᠣ ᠨᠢᠤ ᠸᠠᠨ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ ᠳᠡᠭᠡᠷ᠎ᠡ | ᠲᠣᠭᠲᠠᠭᠤᠨ ᠢᠶᠠᠷ ᠪᠠᠭᠤᠭᠰᠠᠨ ᠨᠢ ᠴᠢᠩ ᠱᠦᠢ ᠾᠧ ᠰᠢᠶᠠᠨ ᠤ ᠯᠣᠣ ᠨᠢᠦ ᠸᠠᠨ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠨᠡᠪᠲᠡᠷᠡᠭᠰᠡᠨ ᠢ ᠬᠠᠷᠠᠭᠤᠯᠵᠤ | ᠪᠠᠶᠢᠨ᠎ᠠ᠃ | ᠣᠶᠢᠯᠠᠭᠠᠭᠰᠠᠨ ᠢᠶᠠᠷ᠂ ᠴᠢᠩ ᠱᠦᠶ ᠾᠧ ᠰᠢᠶᠠᠨ ᠤ ᠯᠣᠣ ᠨᠢᠦ ᠸᠠᠨ ᠨᠢᠰᠬᠡᠯ ᠤᠨ ᠪᠠᠭᠤᠳᠠᠯ ᠪᠣᠯ ᠬᠥᠬᠡᠬᠤᠲᠠ ᠶᠢᠨ ᠠᠩᠬᠠᠳᠠᠭᠴᠢ A1 ᠳᠡᠰ ᠤᠨ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 17 ᠳ᠋ᠤᠭᠠᠷ᠂ ᠤᠮᠠᠷᠠᠲᠤ ᠣᠷᠣᠨ ᠤ 30 | ᠳ᠋ᠤᠭᠠᠷ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠣᠯᠤᠨ᠎ᠠ᠃ ᠠᠶᠠᠯᠠᠯ ᠨᠡᠪᠲᠡᠷᠡᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠭᠠᠷ ᠤᠨ | ᠲᠡᠭᠡᠭᠡᠪᠦᠷᠢ ᠶᠢᠨ ᠲᠣᠣᠷ ᠢ ᠰᠢᠯᠢᠳᠡᠭᠵᠢᠭᠦᠯᠬᠦ᠂ ᠣᠷᠣᠨ ᠤ ᠲᠥᠪ ᠬᠤᠲᠠ ᠶᠢᠨ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠬᠦᠷᠢᠶᠡᠨ ᠤ ᠬᠤᠭᠤᠰᠣᠨ ᠢ | ᠨᠥᠬᠦᠪᠥᠷᠢᠯᠡᠬᠦ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ ᠴᠢᠩ ᠱᠦᠶ ᠾᠧ ᠰᠢᠶᠠᠨ ᠯᠣᠤ ᠨᠢᠤ ᠸᠠᠨ ᠨᠢᠰᠬᠡᠯ ᠤᠨ ᠪᠠᠭᠤᠳᠠᠯ ᠪᠣᠯᠤᠨ ᠯᠣᠤ ᠨᠢᠤ | ᠸᠠᠨ ᠤ ᠬᠠᠲᠤᠨ ᠭᠤᠤᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠳᠤ ᠲᠦᠰᠢᠭᠯᠡᠨ᠂ ᠬᠥᠬᠡᠬᠤᠲᠠ᠂ ᠪᠤᠭᠤᠲᠤ᠂ ᠣᠷᠳᠣᠰ᠂ ᠳ᠋ᠠᠲ᠋ᠦ᠋ᠩ ᠵᠡᠷᠭᠡ | ᠭᠠᠵᠠᠷ ᠤᠨ ᠠᠭᠠᠷ ᠠᠶᠠᠯᠠᠯ ᠤᠨ ᠱᠤᠭᠤᠮ ᠢ ᠲᠦᠷᠭᠡᠳᠬᠡᠨ ᠨᠡᠪᠲᠡᠷᠡᠭᠦᠯᠵᠦ᠂ ᠠᠭᠠᠷ ᠠᠶᠠᠯᠠᠯ ᠤᠨ ᠰᠣᠶᠣᠯ ᠵᠢᠭᠤᠯᠴᠢᠯᠠᠯ ᠰᠡᠯᠡᠭᠦᠴᠡᠯ ᠤᠨ ᠪᠠᠯᠭᠠᠰᠤ ᠪᠠᠶᠢᠭᠤᠯᠤᠨ᠂ | ︽ᠳᠣᠤᠷ᠎ᠠ ᠤᠭᠲᠠᠷᠭᠤᠢ ᠶᠢᠨ ᠠᠵᠤ ᠠᠬᠤᠶ+ ᠰᠣᠶᠣᠯ ᠵᠢᠭᠤᠯᠴᠢᠯᠠᠯ︾ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ︽ᠨᠢᠭᠡ ᠴᠠᠭ ᠤᠨ ᠬᠤᠲᠠ ᠶᠢᠨ ᠲᠣᠭᠤᠷᠢᠭ︾ ᠲᠤ ᠭᠦᠨᠵᠡᠭᠡᠶ ᠠᠭᠤᠰᠤᠯᠴᠠᠬᠤ ᠪᠤᠯᠤᠨ᠎ᠠ᠃ | ᠡᠭᠦᠨ ᠤ ᠬᠠᠮᠲᠤ᠂ ᠯᠣᠣ ᠨᠢᠦ ᠸᠠᠨ ᠨᠢᠰᠬᠡᠯ ᠤᠨ ᠪᠠᠭᠤᠳᠠᠯ ᠠᠶᠠᠯᠠᠯ ᠨᠡᠪᠲᠡᠷᠡᠭᠰᠡᠨ ᠨᠢ᠂ ᠴᠢᠩ ᠱᠦᠶ ᠾᠧ ᠰᠢᠶᠠᠨ ᠤ ︽ᠤᠰᠤ ᠬᠠᠭᠤᠷᠠᠶ ᠠᠭᠠᠷ | ᠲᠡᠮᠦᠷ ᠵᠠᠮ︾ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠶᠢᠷᠢᠰᠢᠯ ᠤᠨ ︽ᠠᠭᠠᠷ ᠤᠨ ᠬᠤᠩᠭᠢᠯ︾ ᠢ ᠨᠡᠭᠡᠭᠡᠵᠦ᠂ ᠨᠠᠩ ᠣᠯᠠᠨ ᠬᠥᠮᠦᠨ᠂ | ᠪᠠᠷᠠᠭᠠᠨ ᠤ ᠭᠦᠢᠯᠭᠡᠭᠡ᠂ ᠪᠠᠯᠠ ᠮᠥᠩᠭᠦ ᠶᠢᠨ ᠭᠦᠢᠯᠭᠡᠭᠡ᠂ ᠮᠡᠳᠡᠭᠡ ᠵᠠᠩᠭᠢ ᠶᠢ ︽ᠨᠢᠰᠬᠡᠯ︾ ᠢᠶᠠᠷ ᠲᠠᠲᠠᠬᠤ ᠨᠢ ᠯᠠᠪᠲᠠᠶ ᠶᠤᠮ᠃ ᠴᠢᠩ ᠱᠦᠢ ᠡᡁᠧ | ᠰᠢᠶᠠᠨ ᠤ ᠬᠢᠨ ᠯᠣᠣ ᠨᠢᠦ ᠸᠠᠨ ᠨᠢᠰᠬᠡᠯ ᠤᠨ ᠪᠠᠭᠤᠳᠠᠯ ᠤᠨ ᠠᠶᠠᠯᠠᠯ ᠨᠡᠪᠲᠡᠷᠡᠬᠦ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ | ᠪᠠᠶᠢᠷᠢᠰᠢᠭᠤᠯᠤᠯᠲᠠ ᠪᠠᠨ ᠴᠢᠨᠠᠭᠰᠢᠳᠠ ᠰᠢᠯᠢᠳᠡᠭᠵᠢᠭᠦᠯᠵᠦ᠂ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠦᠷᠭᠡᠨ | ᠪᠠᠶᠢᠭᠤᠯᠵᠤ᠂ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠯᠡᠭᠡᠨ ᠤ ᠠᠬᠤᠢ ᠶᠢ ᠥᠷᠭᠡᠳᠬᠡᠵᠦ᠂ ᠳᠣᠣᠷ᠎ᠠ | ᠤᠭᠲᠠᠷᠭᠤᠢ ᠶᠢᠨ ᠠᠵᠤ ᠠᠬᠤᠢ ᠪᠣᠯᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡ᠂ ᠨᠢᠰᠦᠯᠲᠡ ᠶᠢᠨ ᠪᠣᠯᠪᠠᠰᠤᠷᠠᠯ ᠵᠡᠷᠭᠡ ᠠᠵᠤ ᠦᠢᠯᠡᠰ ᠤᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠬᠥᠬᠡᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | |