| ︵2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠠᠴᠠ ᠪᠠᠲᠤᠯᠠᠪᠠ︶ | | | | | | 12 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠪᠦᠦ ᠭᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ | ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠰᠣᠷᠪᠤᠯᠵᠢᠯᠠᠭᠴᠢ ᠯᠢᠦ ᠴᠢᠩ ᠢᠤᠢ ᠰᠡᠭᠦᠲᠡᠷᠯᠡᠪᠡ | | | | | 12 ᠳ᠋ᠤᠭᠠᠷ ᠰᠠᠷ᠎ᠠ ᠶᠢᠨ 30 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ | ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠪᠠ᠃ ᠰᠤᠷᠪᠤᠯᠵᠢᠯᠠᠭᠴᠢ ᠶᠠᠨ ᠰᠢᠨ ᠰᠡᠭᠦᠲᠡᠷᠯᠡᠪᠡ | | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ | ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ 2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 42 ᠬᠥᠮᠦᠨ᠂ ᠣᠷᠣᠯᠠᠭᠴᠢ ᠭᠡᠰᠢᠭᠦᠨ 10 ᠬᠥᠮᠦᠨ ᠣᠷᠣᠯᠴᠠᠪᠠ᠃ | ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠣᠯᠤᠨ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠥᠬᠡᠬᠤᠲᠠ ᠳᠤ ᠰᠠᠭᠤᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ | ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠤᠷᠤᠯᠴᠠᠵᠠᠢ᠃ | ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠣᠰ | ᠲᠣᠰ ᠶᠠᠷᠢᠶ᠎ᠠ ᠲᠠᠯᠪᠢᠪᠠ᠃ | ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ | ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ | ᠪᠦᠬᠦᠳᠡ ᠬᠤᠷᠠᠯ ᠠᠴᠠ᠂ ᠨᠢᠭᠡ ᠵᠢᠯ ᠤᠨ ᠲᠤᠷᠰᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠷᠠᠯᠲᠠ ᠪᠠᠶᠢᠷᠢ ᠲᠣᠭᠲᠠᠭᠠᠯᠲᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠲᠥᠯᠦᠪᠵᠢᠭᠦᠯᠭᠡ | ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ︽ᠭᠤᠷᠪᠠᠨ ᠬᠤᠲᠠ︾ ᠡᠯᠪᠡᠭ ᠦᠷ᠎ᠡ ᠪᠦᠲᠦᠭᠡᠯ ᠣᠯᠵᠤ᠂ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠵᠦ᠂ ︽ᠳᠥᠷᠪᠡᠨ ᠶᠡᠭᠡ ᠠᠵᠤ ᠠᠬᠤᠢ ᠶᠢᠨ ᠴᠠᠭᠠᠷᠢᠭ︾ ᠶᠢᠨ ᠡᠨᠧᠷᠭᠢ ᠬᠠᠳᠠᠭᠠᠯᠠᠬᠤ ᠨᠡᠮᠡᠭᠳᠡᠬᠦ | ᠬᠠᠨᠳᠤᠰᠢ ᠢᠯᠡᠷᠡᠵᠦ᠂ ︽ᠵᠢᠷᠭᠤᠭᠠᠨ ᠣᠷᠣᠨ ᠪᠦᠰᠡ ᠶᠢᠨ ᠲᠥᠪ︾ ᠤᠨ ᠦᠷ᠎ᠡ ᠪᠦᠲᠦᠮᠵᠢ ᠢᠯᠡᠷᠬᠡᠢ ᠪᠣᠯᠵᠤ᠂ ︽ᠲᠠᠪᠤᠨ ᠲᠣᠬᠢᠷᠠᠮᠵᠢᠲᠠᠢ︾ ᠬᠤᠲᠠ ᠶᠢ ᠯᠠᠪᠳᠠᠭᠤᠨ ᠢᠶᠠᠷ | ᠠᠬᠢᠭᠤᠯᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠠᠰᠠ ᠨᠢᠭᠡ ᠰᠢᠨ᠎ᠡ | ᠳᠡᠭᠲᠡᠷ ᠲᠤ ᠭᠠᠷᠭᠠᠭᠰᠠᠨ ᠪᠠᠶᠢᠨ᠎ᠠ ᠭᠡᠵᠦ ᠦᠵᠡᠵᠡᠭᠡᠪᠡ᠃ | ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ | ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠵᠤ᠂ | ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ | ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠳᠡᠰ ᠳᠡᠪᠰᠢᠬᠦ ᠶᠢ ᠰᠠᠶᠢᠲᠤᠷ ᠠᠳᠬᠤᠬᠤ ᠬᠡᠷᠡᠭᠲᠡᠶ᠃ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠤᠨ ᠬᠤᠯᠪᠣᠯᠳᠤᠯ ᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠪᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ | ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠤᠨᠤᠭ ᠲᠦᠬᠦᠭᠡᠷᠦᠮᠵᠢ ᠦᠢᠯᠡᠳᠬᠦ᠂ ᠠᠮᠢᠳᠤ ᠪᠤᠳᠠᠰ ᠤᠨ ᠡᠮ ᠡᠮᠨᠡᠯᠭᠡ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠲᠤ ᠡᠨᠧᠷᠭᠢ ᠣᠯᠭᠤᠬᠤ ᠶᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠤᠭᠤᠷᠣᠨᠳᠣᠬᠢ ᠬᠠᠷᠢᠯᠴᠠᠭ᠎ᠠ ᠶᠢ | ᠨᠡᠪᠲᠡᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠱᠠᠭᠠᠷᠳᠠᠯᠭ᠎ᠠ ᠳᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯᠲᠡ ᠶᠢ ᠠᠬᠢᠭᠤᠯᠵᠤ᠂ ᠡᠮᠦᠨ᠎ᠡ ᠬᠡᠰᠡᠭ ᠲᠤ ᠠᠵᠤ ᠠᠬᠤᠢ ᠶᠢᠨ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠭᠠᠷ ᠤᠨ ᠠᠵᠤ ᠠᠬᠤᠢ ᠶᠢᠨ ᠲᠣᠭᠤᠷᠢᠭ ᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠲᠠ ᠶᠢᠨ ᠳᠡᠳ᠋ ᠲᠥᠪ ᠢ ᠪᠠᠶᠢᠭᠤᠯᠵᠤ᠂ ᠳᠤᠮᠳᠠ ᠬᠡᠰᠡᠭ ᠲᠤ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ᠂ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡ ᠶᠢᠨ ᠲᠤᠭᠤᠷᠢᠭ ᠢ ᠬᠤᠯᠪᠣᠭᠠᠯᠠᠨ | ᠲᠡᠷᠢᠭᠦᠨ ᠤ ᠦᠢᠯᠡᠳᠬᠦ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠤᠮᠠᠷᠠᠲᠤ ᠬᠡᠰᠡᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠠᠢ ᠬᠤᠯᠪᠣᠭᠠᠯᠠᠨ ᠰᠢᠨ᠎ᠡ ᠶᠢ ᠡᠭᠦᠳᠬᠦ | ᠬᠡᠯᠪᠡᠷᠢ ᠶᠢᠨ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ᠂ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠲᠥᠪᠯᠡᠷᠡᠭᠰᠡᠨ ᠲᠣᠭᠤᠷᠢᠭ ᠢ ᠬᠠᠮᠵᠢᠯᠴᠠᠨ ᠪᠠᠶᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠨᠡᠷᠡᠲᠦ | ᠲᠡᠮᠳᠡᠭᠲᠦ ᠶᠢᠨ ᠱᠤᠭᠤᠮ ᠪᠦᠷᠢᠯᠲᠦᠬᠦ ᠶᠢ ᠠᠬᠢᠭᠤᠯᠵᠤ᠂ ︽ᠨᠢᠭᠡ ᠬᠤᠩᠬᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ | ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠬᠡᠪᠴᠢᠶᠡᠨ ᠤ ᠪᠣᠶ ᠪᠥᠬᠦᠶ ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠣᠷᠳᠣᠨ᠂ ᠰᠦᠯᠵᠢᠶᠡᠨ ᠤ ᠰᠤᠳᠤᠨ | ᠴᠡᠭ᠂ ᠤᠨᠴᠠᠯᠢᠬᠳᠤ ᠵᠡᠭᠡᠯᠢ ᠲᠣᠭᠤᠷᠢᠭ᠂ ᠬᠤᠳᠠᠯᠳᠤᠭᠠᠨ ᠤ ᠲᠠᠯᠠᠪᠤᠷ ᠪᠠ ᠵᠣᠴᠢᠳ ᠤᠨ ᠪᠠᠭᠤᠳᠠᠯ ᠬᠤᠭᠤᠯᠠᠨ ᠬᠡᠷ ᠵᠡᠷᠭᠡ ᠡᠬᠢ ᠪᠠᠶᠠᠯᠢᠭ ᠢ ᠬᠤᠯᠪᠣᠵᠤ᠂ ᠠᠩᠬᠠᠳᠤᠭᠠᠷ ᠠᠵᠤ | ᠠᠬᠤᠶ᠂ ᠮᠥᠰᠥ ᠴᠠᠰᠤᠨ ᠤ ᠠᠵᠤ ᠠᠬᠤᠶ᠂ ᠪᠤᠭᠤᠷᠤᠯᠴᠤᠳ ᠤᠨ ᠠᠵᠤ ᠠᠬᠤᠶ᠂ ᠳᠠᠭᠤᠤ ᠶᠢᠨ ᠴᠤᠭᠯᠠᠭᠠᠨ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ | ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠢᠷᠠᠭᠤ | ᠠᠯᠳᠠᠷ ᠪᠠ ᠠᠯᠳᠠᠷᠰᠢᠯ ᠤᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠤᠨ ᠬᠡᠯᠪᠡᠷᠢᠵᠢᠭᠦᠯᠬᠦ ᠶᠢ | ᠠᠬᠢᠭᠤᠯᠵᠤ᠂ ᠣᠯᠠᠨ ᠤᠯᠤᠰ ᠤᠨ ᠥᠨᠳᠥᠷ ᠬᠢᠷᠢ ᠲᠦᠪᠰᠢᠨ ᠪᠦᠬᠦᠢ ᠠᠵᠤ ᠠᠬᠤᠶ ᠠᠷᠠᠯᠵᠢᠶᠠᠨ ᠤ ᠲᠦᠷᠢᠮ ᠢᠶᠠᠷ ᠪᠠᠷᠢᠮᠵᠢᠶᠠᠯᠠᠨ᠂ ᠲᠦᠷᠢᠮ ᠤᠨ ᠬᠢᠵᠠᠭᠠᠷᠯᠠᠯ ᠢ ᠠᠷᠢᠯᠭᠠᠬᠤ᠂ | ᠲᠠᠰ ᠳᠠᠷᠠᠭᠠᠯᠠᠯ ᠢ ᠳᠥᠭᠦᠮᠴᠢᠯᠡᠬᠦ᠂ ᠨᠡᠭᠡᠭᠡᠯᠲᠡ ᠬᠢᠵᠦ ᠵᠥᠪᠰᠢᠶᠡᠷᠡᠨ ᠣᠷᠣᠭᠤᠯᠬᠤ ᠵᠡᠷᠭᠡ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠰᠢᠪᠲᠤᠯᠤᠯᠲᠠ ᠬᠢᠵᠦ᠂ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠡᠯᠡᠰᠦᠨ ᠨᠢᠷᠤᠭᠤ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠢᠶᠧ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠭᠠᠷ ᠠᠶᠠᠯᠠᠯ ᠤᠨ ᠪᠣᠭᠤᠮᠲᠠ ᠪᠠ ᠭᠤᠶᠤᠴᠢᠯᠠᠨ | ᠮᠡᠳᠡᠭᠦᠯᠵᠦ ᠪᠠᠶᠢᠭ᠎ᠠ ᠴᠢᠯᠥᠭᠡᠲᠦ ᠠᠷᠠᠯᠵᠢᠶᠠᠨ ᠤ ᠲᠣᠭᠤᠷᠢᠭ ᠤᠨ ᠨᠢᠭᠡ ᠴᠤᠭᠴᠠᠵᠢᠭᠰᠠᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠪᠠᠬᠢᠯᠡᠯᠲᠡ ᠶᠢᠨ ᠭᠤᠤᠯ ᠬᠦᠢᠰᠦ ᠶᠢ ᠪᠠᠶᠢᠭᠤᠯᠬᠤ ᠬᠡᠷᠡᠭᠲᠡᠢ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠡᠬᠢ ᠪᠠᠶᠠᠯᠢᠭ ᠤᠨ ᠲᠣᠬᠢᠷᠠᠭᠤᠯᠤᠯᠲᠠ | ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠵᠤ᠂ ᠵᠥᠪᠬᠡᠨ ᠵᠠᠰᠠᠭ | ᠵᠠᠬᠢᠷᠭᠠᠨ ᠤ ᠵᠠᠷᠯᠢᠭ ᠲᠤ ᠲᠦᠰᠢᠭᠯᠡᠨ ᠠᠵᠢᠯ ᠢᠶᠠᠨ ᠠᠬᠢᠭᠤᠯᠬᠤ ᠳᠤ ᠨᠠᠶᠢᠳᠠᠬᠤ ᠶᠢ ᠡᠷᠡᠰ ᠠᠷᠢᠯᠭᠠᠵᠤ᠂ ᠠᠵᠤ ᠠᠬᠤᠶᠢᠯᠠᠯ ᠤᠨ ᠡᠳ᠋ ᠪᠠᠶᠠᠯᠢᠭ ᠢ ᠡᠭᠦᠳᠬᠦ ᠳᠤ ᠨᠡᠩ ᠤᠯᠠᠨ | ᠠᠮᠢᠵᠢᠷᠠᠯ ᠤᠨ ᠬᠦᠴᠦᠨ ᠪᠠ ᠨᠡᠩ ᠶᠡᠭᠡ ᠣᠷᠣᠨ ᠵᠠᠢ ᠲᠠᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠲᠤᠬᠢᠷᠠᠭᠤᠯᠤᠨ ᠡᠵᠡᠮᠲᠡᠬᠦ ᠦᠢᠯᠡᠳᠦᠯ ᠢ ᠰᠠᠶᠢᠲᠤᠷ ᠬᠡᠷᠡᠭᠯᠡᠵᠦ᠂ ᠤᠯᠠᠨ | ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠬᠡ ᠲᠡᠭᠰᠢ ᠪᠠᠷ ᠥᠷᠢᠰᠥᠯᠳᠦᠬᠦ ᠶᠢ ᠪᠠᠲᠤᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠠᠶᠤᠯᠭᠦᠢ | ᠦᠢᠯᠡᠳᠪᠦᠷᠢᠯᠡᠯ ᠢ ᠴᠢᠩᠭᠠᠳᠬᠠᠬᠤ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯᠲᠠᠨ ᠢ | ᠬᠠᠯᠠᠮᠵᠢᠯᠠᠨ ᠳᠡᠮᠵᠢᠬᠦ ᠬᠡᠷᠡᠭᠲᠡᠢ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠶᠢᠲᠤᠷ ᠰᠡᠷᠭᠡᠶᠢᠯᠡᠵᠦ᠂ ᠤᠯᠤᠰ ᠲᠥᠷᠥ ᠶᠢᠨ ᠠᠮᠤᠷ ᠲᠦᠪᠰᠢᠨ᠂ ᠠᠵᠤ | ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠮᠤᠷ ᠲᠦᠪᠰᠢᠨ ᠬᠥᠭᠵᠢᠯᠲᠡ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ | ᠪᠠᠬᠢᠵᠢᠬᠦᠯᠬᠦ ᠬᠡᠷᠡᠭᠲᠡᠢ ᠭᠡᠵᠡᠢ᠃ | ᠪᠦᠬᠦᠳᠡ ᠬᠤᠷᠠᠯ ᠠᠴᠠ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ︽ᠵᠢᠷᠭᠤᠭᠠᠨ ᠢᠨᠵᠧᠨᠧᠷᠢᠩ︾ ᠨᠢ ᠣᠷᠣᠨ ᠤ ᠲᠥᠪ ᠬᠤᠲᠠ ᠶᠢᠨ | ᠴᠢᠨᠠᠷ ᠰᠠᠶᠢᠲᠠᠢ ᠬᠥᠭᠵᠢᠯᠲᠡ ᠳᠤ ᠳᠠᠭᠠᠭᠤᠯᠬᠤ ᠦᠢᠯᠡᠳᠦᠯ ᠲᠠᠢ ᠪᠠᠶᠢᠵᠤ᠂ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ᠃ 2025 ᠣᠨ ᠳᠤ ᠥᠪᠡᠷᠲᠡᠭᠡᠨ ᠵᠠᠰᠠᠬᠤ | ᠣᠷᠣᠨ ᠤ ᠵᠣᠬᠢᠶᠠᠨ ᠪᠠᠶᠢᠭᠤᠯᠵᠤ ᠦᠷᠨᠢᠭᠦᠯᠬᠦ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ | ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭ᠎ᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠦᠴᠦ ᠣᠷᠣᠭᠤᠯᠵᠤ᠂ ᠢᠯᠡᠭᠦᠬᠡᠨ ᠨᠥᠭᠡᠴᠡᠯᠡᠵᠦ᠂ | ᠲᠦᠷᠭᠡᠨ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ | ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ | ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠨᠠᠩ ᠣᠯᠠᠨ ᠬᠥᠮᠦᠰ ᠢ ᠲᠠᠲᠠᠨ ᠠᠵᠢᠯ ᠣᠯᠭᠤᠵᠤ᠂ ᠨᠠᠩ ᠣᠯᠠᠨ ᠬᠥᠮᠦᠰ ᠤᠨ ᠣᠷᠣᠨ ᠤ ᠲᠥᠪ ᠬᠤᠲᠠ ᠳᠤ | ᠰᠠᠭᠤᠷᠢᠰᠢᠨ ᠦᠢᠯᠡᠰ ᠪᠤᠰᠬᠠᠬᠤ ᠶᠢ ᠲᠠᠲᠠᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠳᠤ ᠬᠠᠲᠤᠨ ᠭᠤᠤᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠠᠩᠭᠠᠬᠤ ᠪᠠ ᠭᠠᠳᠠᠭᠰᠢᠯᠠᠭᠤᠯᠬᠤ ᠬᠠᠭᠤᠴᠢᠨ ᠬᠤᠭᠤᠯᠠᠶ ᠶᠢᠨ | ᠲᠣᠤᠷ᠂ ᠬᠤᠶᠠᠳᠠᠭᠴᠢ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠳᠪᠦᠷᠢ᠂ ᠬᠥᠳᠡᠭᠡ ᠲᠣᠰᠬᠤᠨ ᠪᠠ ᠬᠤᠲᠠ ᠪᠠᠯᠭᠠᠰᠤᠨ ᠤ ᠤᠰᠤ | ᠠᠷᠪᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠳᠤ ᠣᠷᠣᠰ ᠮᠣᠩᠭᠤᠯ ᠡᠸᠦ᠋ᠷᠦᠫᠡ ᠶᠢᠨ ᠭᠠᠳᠠᠭᠠᠳᠤ | ᠨᠡᠭᠡᠭᠡᠯᠲᠡ ᠶᠢ ᠦᠷᠭᠡᠵᠢᠭᠦᠯᠦᠨ᠂ ᠪᠡᠭᠡᠵᠢᠩ ᠲᠢᠶᠠᠨᠵᠢᠨ ᠾᠧᠪᠸᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ | ᠴᠣᠭᠴᠠᠵᠢᠭᠤᠯᠤᠭᠰᠠᠨ ᠬᠥᠭᠵᠢᠯᠲᠡ ᠶᠢ ᠢᠳᠡᠪᠬᠢᠲᠡᠶ ᠬᠥᠲᠥᠯᠦᠨ ᠳᠠᠭᠠᠭᠤᠯᠵᠤ᠂ ᠤᠷᠤᠨ ᠤ ᠲᠦᠪ ᠬᠤᠲᠠ ᠶᠢᠨ ᠬᠠᠭᠠᠰ ᠴᠠᠭ ᠤᠨ ᠬᠤᠲᠠ ᠶᠢᠨ ᠴᠠᠭᠠᠷᠢᠭ ᠢ ᠲᠦᠷᠭᠡᠳᠭᠡᠨ | ᠪᠠᠶᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠬᠦ ᠠᠵᠢᠯᠯᠠᠭ᠎ᠠ ᠳᠤ ᠰᠣᠶᠣᠯ ᠵᠢᠭᠤᠯᠴᠢᠯᠠᠯ᠂ ᠰᠤᠶᠤᠯ ᠲᠠᠮᠢᠷ᠂ ᠰᠣᠶᠣᠯ | ᠦᠵᠡᠰᠬᠦᠯᠡᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ | ᠬᠥᠭᠵᠢᠬᠦ ᠶᠢ ᠠᠬᠢᠭᠤᠯᠬᠤ ᠬᠡᠷᠡᠭᠲᠡᠶ ᠭᠡᠵᠡᠢ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ | ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠵᠢᠯᠲᠠᠨ ᠤ ᠣᠯᠭᠤᠮᠵᠢ ᠶᠢ ᠪᠠᠲᠤᠯᠠᠵᠤ᠂ ᠦᠨᠳᠦᠰᠦᠨ ᠱᠠᠲᠤᠨ ᠤ ᠰᠠᠭᠤᠷᠢ ᠶᠢ | ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠠᠯᠳᠠᠭ᠎ᠠ ᠶᠢ ᠠᠭᠤᠴᠢᠯᠠᠨ ᠪᠤᠷᠤᠭᠤ ᠶᠢ ᠵᠠᠯᠠᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠳᠤᠷᠠᠲᠠᠶ᠎ᠠ ᠠᠵᠢᠯᠯᠠᠬᠤ᠂ ᠦᠨᠡᠨ ᠠᠵᠢᠯᠯᠠᠬᠤ᠂ ᠲᠦᠷᠭᠡᠨ | ᠠᠵᠢᠯᠯᠠᠬᠤ ᠶᠢ ᠬᠡᠪ ᠰᠤᠷᠲᠠᠯ ᠪᠣᠯᠭᠠᠬᠤ ᠬᠡᠷᠡᠭᠲᠡᠢ᠃ ᠠᠯᠢᠪᠠ ᠬᠡᠯᠪᠡᠷᠢᠴᠢ ᠦᠵᠡᠯ ᠢ ᠡᠰᠡᠷᠭᠦᠴᠡᠵᠦ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠰᠤᠷᠲᠠᠯ ᠢᠶᠠᠨ | ᠰᠠᠶᠢᠵᠢᠷᠠᠭᠤᠯᠵᠤ᠂ ᠰᠡᠳᠬᠢᠯ ᠰᠠᠨᠠᠭ᠎ᠠ ᠪᠠᠨ ᠦᠨᠡᠨ ᠬᠦ ᠠᠵᠢᠯ ᠬᠢᠵᠦ ᠦᠢᠯᠡᠰ ᠪᠤᠰᠬᠠᠬᠤ ᠳᠡᠭᠡᠷ᠎ᠡ ᠬᠡᠷᠡᠭᠯᠡᠭᠦᠯᠬᠦ ᠬᠡᠷᠡᠭᠲᠡᠢ ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠡᠳᠬᠢᠯ | ᠰᠠᠨᠠᠭ᠎ᠠ ᠪᠠᠨ ᠲᠣᠭᠲᠠᠭᠤᠨ ᠪᠠᠶᠢᠯᠭᠠᠵᠤ ᠵᠣᠷᠢᠭ ᠰᠠᠨᠠᠭ᠎ᠠ ᠶᠢ ᠤᠬᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠶ | ᠪᠥᠭᠡᠳ ᠨᠠᠷᠢᠯᠢᠭ ᠬᠢᠵᠦ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠶ ᠪᠠᠷ ᠲᠡᠮᠡᠴᠡᠨ ᠣᠯᠵᠤ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ | ᠶᠡᠭᠡ ᠲᠠᠯ᠎ᠠ ᠳᠤ ᠣᠷᠣᠭᠤᠯᠬᠤ ᠬᠡᠷᠡᠭᠲᠡᠶ᠃ ᠢᠲᠡᠭᠡᠯ ᠵᠣᠷᠢᠭ ᠢᠶᠠᠨ ᠬᠥᠪᠴᠢᠯᠡᠵᠦ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠠᠯ᠎ᠠ ᠶᠢᠨ | ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠢᠷᠡᠭᠡᠳᠦᠶ ᠳᠤ ᠰᠠᠭᠤᠷᠢᠯᠠᠨ ᠲᠥᠯᠥᠪᠵᠢᠭᠦᠯᠦᠨ | ᠪᠠᠶᠢᠷᠢᠯᠠᠭᠤᠯᠵᠤ᠂ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠰᠢᠨ᠎ᠡ ᠬᠥᠭᠵᠢᠯᠲᠡ ᠶᠢᠨ ᠭᠠᠷᠤᠭ᠎ᠠ ᠳᠤ | ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠢᠷᠡᠭᠡᠳᠦᠶ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ᠂ ᠰᠢᠨ᠎ᠡ | ᠳᠠᠪᠠᠭᠤᠯᠢᠭ ᠢ ᠬᠤᠷᠠᠮᠳᠤᠭᠤᠯᠬᠤ ᠬᠡᠷᠡᠭᠲᠡᠶ ᠭᠡᠪᠡ᠃ | ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ | ᠬᠤᠷᠢᠶ᠎ᠠ ᠶᠢᠨ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠶᠠᠩ ᠵᠢᠶᠦ᠋ᠨ᠂ ᠶᠠᠩ ᠤᠷᠲᠤ᠂ ᠭᠤᠤ ᠯᠢ ᠹᠠᠩ᠂ ᠭᠦᠸᠧ ᠸᠧᠨ ᠭᠤᠸᠠᠩ᠂ | ᠬᠠᠨ ᠸᠧᠨ ᠰᠢᠶᠠᠩ᠂ ᠬᠠᠨ ᠴᠢᠤᠸᠠᠨ ᠹᠧᠨ᠂ ᠼᠠᠢ ᠲᠢᠶᠧ ᠯᠸᠢ᠂ ᠰᠢᠤᠸᠠᠢ ᠬᠤᠩ ᠸᠧᠶ ᠵᠡᠷᠭᠡ 8 ᠨᠥᠬᠦᠷ ᠢ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ | ᠬᠤᠷᠢᠶᠠᠨ ᠤ ᠭᠡᠰᠢᠭᠦᠨ ᠢᠶᠠᠷ ᠨᠥᠬᠦᠪᠥᠷᠢᠯᠡᠬᠦ ᠪᠠᠷ ᠲᠣᠭᠲᠠᠪᠠ᠃ | ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠴᠢᠷ ᠢ ᠲᠡᠰᠪᠦᠷᠢᠯᠡᠵᠦ ᠬᠠᠯᠠ ᠶᠢ ᠲᠠᠭᠠᠭᠠᠨ᠂ ᠵᠤᠷᠢᠭᠰᠠᠨ | ᠳᠠᠭᠠᠨ ᠬᠦᠷᠬᠦ ᠪᠠᠷ ᠴᠤᠴᠠᠰᠢ ᠦᠭᠡᠢ ᠤᠷᠤᠭᠰᠢᠯᠠᠳᠠᠭ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠤᠷᠤᠨ ᠤ ᠲᠥᠪ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃ | | |