ᠲᠦᠷᠦᠭᠦᠬᠡᠨ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ | ᠡᠷᠭᠢᠯᠡᠭᠰᠡᠨ ᠭᠦᠭᠡᠬᠤᠲᠠ ᠪᠤᠭᠤᠲᠤ ᠬᠤᠲᠠ ᠶᠢᠨ ᠲᠤᠰᠬᠠᠢ ᠳᠠᠯᠠᠪᠠᠢ ᠤᠷᠢᠨ ᠡᠯᠰᠡᠬᠦ ᠴᠤᠭᠯᠠᠭᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ | ᠰᠤᠷᠭᠠᠭᠤᠯᠢ ᠳᠤ ᠶᠠᠪᠤᠭᠳᠠᠪᠠ᠃ ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠮᠥᠨ ᠴᠦ ᠭᠦᠭᠡᠬᠤᠲᠠ ᠶᠢᠨ︽ᠭᠤᠷᠪᠠᠨ ᠵᠢᠯ ᠳᠤ ᠠᠷᠪᠠᠨ ᠲᠠᠪᠤᠨ | ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠃ | ᠣᠶᠢᠯᠠᠭᠠᠭᠰᠠᠨ ᠢᠶᠠᠷ᠂ 2022 ᠣᠨ ᠠᠴᠠ ᠨᠠᠭᠠᠰᠢ᠂ ᠭᠦᠭᠡᠬᠤᠲᠠ︽ᠠᠷᠪᠠᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾᠂ | ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠭᠦᠭᠡᠬᠤᠲᠠ ᠳᠤ ᠦᠯᠡᠳᠡᠭᠡᠬᠦ ᠠᠵᠢᠯᠯᠠᠭᠠᠨ ᠤ ᠲᠥᠰᠥᠯ ︵2024-2026︶︾ ᠢ ᠡᠬᠢᠯᠡᠨ | ᠬᠡᠷᠡᠭᠵᠢᠭᠦᠯᠵᠦ᠂ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠭᠤᠣᠯᠲᠤ ᠪᠣᠷᠣ ᠶᠢ | ᠦᠨᠳᠦᠰᠦᠯᠡᠭᠦᠯᠬᠦ ᠲᠥᠯᠥᠪᠯᠡᠭᠡ︾ ᠶᠢ ᠡᠬᠢᠯᠡᠭᠦᠯᠦᠨ ᠬᠡᠷᠡᠭᠵᠢᠭᠦᠯᠵᠦ᠂ ᠭᠤᠷᠪᠠᠨ ᠵᠢᠯ ᠳᠤ ᠨᠡᠶᠢᠲᠡ 13.73 ᠲᠦᠮᠡᠨ ᠣᠶᠤᠲᠠᠨ ᠤ ᠭᠦᠭᠡᠬᠤᠲᠠ ᠳᠤ ᠠᠵᠢᠯ | ᠣᠯᠬᠤ ᠶᠢ ᠪᠡᠶᠡᠯᠡᠭᠦᠯᠪᠡ᠃ | ᠲᠣᠰ ᠤᠳᠠᠭᠠᠨ ᠤ ᠤᠷᠢᠨ ᠡᠯᠰᠡᠬᠦ ᠴᠤᠭᠯᠠᠭᠠᠨ ᠨᠢ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠵᠤ᠂ | ᠭᠦᠭᠡᠬᠤᠲᠠ᠂ ᠪᠤᠭᠤᠲᠤ ᠬᠤᠶᠠᠷ ᠬᠤᠲᠠ ᠶᠢᠨ100 ᠭᠠᠷᠤᠢ ᠠᠵᠤ ᠠᠬᠤᠶᠢᠯᠠᠯ 2068 ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠳᠠᠯᠠᠪᠠᠢ ᠪᠠ ᠰᠢᠭᠤᠳ | ᠨᠡᠪᠲᠡᠷᠡᠭᠦᠯᠭᠡ ᠪᠠᠷ ᠳᠡᠮᠵᠢᠨ 970 ᠬᠥᠮᠥᠨ ᠤᠳᠠᠭ᠎ᠠ ᠰᠠᠨᠠᠮᠵᠢ ᠲᠣᠭᠲᠠᠪᠠ᠃ ᠲᠣᠰ ᠤᠳᠠᠭᠠᠨ ᠤ ᠪᠣᠳᠠᠲᠤ ᠴᠣᠭᠴᠠ ᠶᠢᠨ ᠤᠷᠢᠨ ᠡᠯᠰᠡᠬᠦ ᠴᠤᠭᠯᠠᠭᠠᠨ ᠳᠤ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠤᠷ᠎ᠠ ᠮᠡᠷᠭᠡᠵᠢᠯ ᠤᠨ ᠪᠣᠯᠪᠠᠰᠤᠷᠠᠯ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠤᠰᠬᠠᠢ ᠲᠣᠭᠤᠷᠢᠭ ᠲᠣᠬᠢᠷᠠᠭᠤᠯᠵᠤ᠂ ᠠᠵᠢᠯ ᠡᠷᠢᠭᠰᠡᠳ ᠲᠤ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠤᠷ᠎ᠠ ᠮᠡᠷᠭᠡᠵᠢᠯ ᠤᠨ ᠪᠣᠯᠪᠠᠰᠤᠷᠠᠯ᠂ ᠠᠵᠢᠯ ᠮᠡᠷᠭᠡᠵᠢᠯ ᠤᠨ ᠲᠥᠯᠦᠪᠵᠢᠭᠦᠯᠭᠡ᠂ ᠠᠵᠢᠯ ᠡᠷᠢᠬᠦ ᠤᠷ᠎ᠠ ᠮᠡᠷᠭᠡᠵᠢᠯ ᠤᠨ | ᠵᠢᠯᠣᠭᠤᠳᠤᠯᠭ᠎ᠠ᠂ ᠠᠵᠢᠯ ᠮᠡᠷᠭᠡᠵᠢᠯ ᠤᠨ ᠰᠢᠯᠭᠠᠨ ᠦᠨᠡᠯᠡᠯᠲᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠦᠢᠯᠡᠴᠢᠯᠡᠭᠡ ᠬᠠᠩᠭᠠᠵᠠᠢ᠃ | ᠲᠣᠰ ᠰᠦᠯᠵᠢᠶᠡᠨ ᠳᠡᠭᠡᠷᠡᠬᠢ ᠤᠷᠢᠨ ᠡᠯᠰᠡᠬᠦ ᠴᠤᠭᠯᠠᠭᠠᠨ ᠨᠢ ᠪᠦᠭᠦ ᠶᠠᠪᠤᠴᠠ ᠳᠤ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠸᠢᠳᠢᠤ᠋ ᠳ᠋ᠤᠭᠠᠷ ᠢᠶᠠᠷ ᠳᠡᠮᠵᠢᠨ᠂︽ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ + ᠰᠦᠯᠵᠢᠶᠡᠨ ᠳᠡᠭᠡᠷᠡᠬᠢ ᠠᠰᠠᠭᠤᠨ ᠯᠠᠪᠯᠠᠭ᠎ᠠ︾ ᠶᠢᠨ | ᠬᠤᠷᠰᠢᠯᠴᠠᠬᠤ ᠰᠢᠭᠤᠳ ᠨᠡᠪᠲᠡᠷᠡᠭᠦᠯᠭᠡ ᠬᠢᠵᠦ᠂ ᠬᠥᠮᠥᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠣᠨᠢᠨ ᠳᠡᠭᠡᠷ᠎ᠡ ᠨᠢ ᠵᠣᠯᠭᠠᠭᠤᠯᠬᠤ ᠦᠢᠯᠡᠴᠢᠯᠡᠭᠡ | ᠬᠠᠩᠭᠠᠵᠤ᠂ ᠰᠢᠭᠤᠳ ᠨᠡᠪᠲᠡᠷᠡᠭᠦᠯᠭᠡ ᠶᠢᠨ ᠦᠵᠡᠭᠴᠢᠳ ᠤᠨ ᠲᠤᠭ᠎ᠠ 9.6 ᠲᠦᠮᠡᠨ ᠬᠥᠮᠥᠨ ᠤᠳᠠᠭ᠎ᠠ ᠳᠤ ᠭᠦᠷᠪᠡ᠃ | |