ᠭᠦᠭᠡᠬᠤᠳᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2024/12/31
      ᠡᠨᠡ ᠵᠢᠯ ᠠᠴᠠ ᠨᠠᠭᠠᠰᠢ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠦᠢᠯᠡᠴᠢᠯᠡᠭᠡᠨ ᠤ ᠰᠢᠰᠲ᠋ᠧᠮ  ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠬᠦ᠂ ᠦᠢᠯᠡᠰ ᠪᠣᠰᠬᠠᠬᠤ ᠳᠤ ᠣᠨᠣᠴᠠᠲᠠᠢ ᠳᠡᠮᠵᠢᠯᠭᠡ ᠦᠵᠡᠭᠦᠯᠭᠦ᠂ ᠬᠠᠨᠳᠤᠯᠭᠠᠲᠤ ᠴᠢᠨᠠᠷᠲᠠᠢ ᠬᠥᠮᠦᠵᠢᠯ ᠪᠣᠯᠪᠠᠰᠤᠷᠠᠯ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠭᠦᠢᠴᠡᠳ ᠠᠵᠢᠯ ᠣᠯᠭᠤᠯᠲᠠ ᠶᠢ ᠠᠬᠢᠭᠤᠯᠪᠠ᠃      ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠪᠠ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤᠷᠠᠨ︽ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠥᠮᠦᠵᠢᠯ ᠪᠣᠯᠪᠠᠰᠤᠷᠠᠯ ᠤᠨ ᠳᠡᠭᠡᠳᠦ ᠰᠤᠷᠭᠠᠭᠤᠯᠢ︾ ᠶᠢ ᠪᠠᠶᠢᠭᠤᠯᠵᠤ᠂ 464 ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠵᠣᠬᠢᠴᠠᠬᠤ ᠴᠢᠨᠠᠷᠲᠠᠢ ᠪᠣᠯᠪᠠᠰᠤᠷᠠᠯ ᠬᠦᠷᠲᠡᠭᠡᠵᠦ᠂ ᠪᠡᠶ᠎ᠡ ᠪᠠᠨ ᠳᠠᠭᠠᠭᠠᠵᠤ ᠠᠵᠢᠯ ᠣᠯᠣᠭᠰᠠᠨ 281 ᠴᠡᠷᠢᠭ ᠤᠨ ᠠᠯᠪᠠ ᠠᠴᠠ ᠬᠠᠯᠠᠭᠳᠠᠭᠰᠠᠳ ᠢ ᠵᠢᠯᠣᠭᠤᠴᠢ ᠦᠭᠡᠢ ᠨᠢᠰᠬᠡᠯ᠂ ᠭᠠᠯ ᠤᠨᠲᠠᠷᠠᠭᠠᠬᠤ᠂ ᠮᠠᠰᠢᠨ ᠲᠡᠷᠭᠡ ᠵᠢᠯᠤᠭᠤᠳᠬᠤ ᠵᠡᠷᠭᠡ ᠬᠦᠷᠢᠶ᠎ᠡ ᠴᠠᠷᠠᠭᠠᠨ ᠤ ᠮᠡᠷᠭᠡᠵᠢᠯ ᠴᠢᠳᠠᠪᠤᠷᠢ ᠶᠢᠨ ᠭᠡᠯᠪᠡᠷᠢ ᠶᠢᠨ ᠴᠢᠳᠠᠪᠤᠷᠢᠲᠠᠨ ᠪᠣᠯᠭᠠᠨ ᠬᠥᠮᠥᠵᠢᠭᠦᠯᠪᠡ᠃      ᠪᠦᠭᠦ ᠵᠢᠯ ᠳᠤ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠢ 35 ᠲᠠᠯᠠᠪᠠᠢ ᠤᠳᠠᠭ᠎ᠠ ᠡᠷᠭᠢᠯᠡᠵᠦ᠂ 3757 ᠠᠵᠤ ᠠᠬᠤᠶᠢᠯᠠᠯ ᠠᠴᠠ ᠪᠠᠷᠤᠭ 9 ᠲᠦᠮᠡᠨ ᠠᠵᠢᠯ ᠤᠨ ᠪᠠᠶᠢᠷᠢ ᠬᠠᠩᠭᠠᠵᠤ᠂ 3925 ᠴᠡᠷᠢᠭ ᠤᠨ ᠠᠯᠪᠠ ᠠᠴᠠ ᠬᠠᠯᠠᠭᠳᠠᠭᠰᠠᠳ ᠠᠵᠢᠯ ᠣᠯᠬᠤ ᠰᠠᠨᠠᠮᠵᠢ ᠲᠠᠢ ᠪᠣᠯᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠵᠤ ᠦᠢᠯᠡᠰ ᠪᠣᠰᠬᠠᠬᠤ ᠬᠤᠯᠪᠣᠭᠠᠨ ᠤ ᠲᠥᠯᠥᠪᠯᠡᠭᠡ ᠪᠠ ︽ᠮᠢᠩᠭᠠᠨ ᠠᠵᠤ ᠠᠬᠤᠶᠢᠯᠠᠯ ᠮᠢᠩᠭᠠᠨ ᠴᠡᠷᠢᠭ ᠲᠠᠢ ᠬᠠᠪᠰᠤᠷᠤᠯᠴᠠᠭ᠎ᠠ ᠪᠠᠶᠢᠭᠤᠯᠬᠤ︾ᠲᠥᠯᠥᠪᠯᠡᠭᠡ ᠶᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ᠂ 52 ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ 170 ᠴᠡᠷᠢᠭ ᠤᠨ ᠠᠯᠪᠠ ᠠᠴᠠ ᠬᠠᠯᠠᠭᠳᠠᠭᠰᠠᠳ ᠠᠵᠢᠯ ᠣᠯᠪᠠ᠃      2024 ᠣᠨ ᠳᠤ ᠭᠦᠭᠡᠬᠤᠳᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠬᠤ ᠶᠢ ᠲᠡᠳᠬᠦᠬᠦ ᠠᠵᠢᠯ ᠤᠨ ᠰᠢᠨ᠎ᠡ ᠶᠢ ᠡᠭᠦᠳᠬᠦ  ᠶᠢ ᠢᠳᠡᠪᠬᠢᠲᠡᠢ ᠰᠦᠪᠡᠭᠴᠢᠯᠡᠪᠡ᠃ ᠭᠦᠭᠡᠬᠤᠲᠠ ᠶᠢᠨ ᠴᠡᠷᠢᠭ ᠤᠨ ᠠᠯᠪᠠ ᠠᠴᠠ  ᠬᠠᠯᠠᠭᠳᠠᠭᠰᠠᠳ ᠤᠨ ᠦᠢᠯᠡᠰ ᠪᠣᠰᠬᠠᠵᠤ ᠠᠵᠢᠯ ᠣᠯᠭᠤᠬᠤ ᠬᠦᠷᠢᠶᠡᠯᠡᠩ ᠳᠤ ᠣᠳᠣᠬᠠᠨ ᠳᠤ 108 ᠠᠵᠤ ᠠᠬᠤᠶᠢᠯᠠᠯ ᠨᠤᠲᠤᠭᠰᠢᠨ ᠰᠠᠭᠤᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠵᠢᠴᠢ ᠪᠤᠰᠤᠳ ᠪᠦᠯᠭᠦᠮ ᠨᠡᠶᠢᠳᠡ ᠶᠢᠨ 1387 ᠬᠥᠮᠥᠨ ᠳᠤ ᠠᠵᠢᠯ ᠣᠯᠭᠤᠵᠠᠢ᠂ ᠭᠦᠭᠡᠬᠤᠲᠠ ᠶᠢᠨ ᠭᠤᠷᠪᠠᠳᠤᠭᠠᠷ ᠬᠤᠭᠤᠴᠠᠭᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠤᠷᠤᠯᠳᠤᠭᠠᠨ ᠢ ᠡᠷᠭᠢᠯᠡᠵᠦ᠂ ᠥᠪᠥᠷ ᠮᠣᠩᠭᠤᠯ ᠤᠨ ᠴᠢᠩ ᠴᠢ ᠪᠢᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠪᠠ ᠥᠪᠥᠷ ᠮᠣᠩᠭᠤᠯ ᠤᠨ ᠼᠦᠨ ᠯᠢ ᠬᠥᠳᠡᠭᠡ ᠲᠣᠰᠬᠤᠨ ᠤ ᠬᠤᠳᠠᠯᠳᠤᠭᠠᠨ ᠤ ᠡᠵᠡᠩᠨᠡᠯᠲᠡ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠬᠰᠠᠨ ᠪᠥᠭᠡᠳ ᠠᠮᠢᠳᠤᠷᠠᠯ ᠤᠨ ᠦᠢᠯᠡᠴᠢᠯᠡᠭᠡᠨ ᠤ ᠦᠢᠯᠡᠰ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠷᠤᠯᠳᠤᠭᠠᠨ ᠤ ᠵᠠᠮ ᠤᠨ ᠨᠢᠭᠡᠳᠦᠭᠡᠷ ᠨᠡᠷᠡᠰ ᠲᠤ ᠣᠷᠣᠵᠤ᠂ ᠪᠦᠭᠦ ᠤᠯᠤᠰ ᠤᠨ ᠰᠢᠢᠳᠪᠦᠷᠢᠲᠦ ᠤᠷᠤᠯᠳᠤᠭᠠᠨ ᠳᠤ ᠰᠢᠯᠢᠳᠡᠭ ᠱᠠᠩᠨᠠᠯ ᠭᠦᠷᠳᠡᠪᠡ᠃ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠵᠤ ᠦᠢᠯᠡᠰ ᠪᠣᠰᠬᠠᠬᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠠᠮᠲᠤᠷᠠᠯᠴᠠᠭ᠎ᠠ ᠵᠢᠴᠢ ᠪᠠᠩᠬᠢ ᠠᠵᠤ ᠠᠬᠤᠶᠢᠯᠠᠯ ᠢ ᠵᠤᠯᠭᠠᠯᠴᠠᠭᠤᠯᠬᠤ ᠬᠤᠷᠠᠯ ᠢ ᠡᠷᠭᠢᠯᠡᠵᠦ᠂ 23 ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠲᠥᠪᠯᠡᠷᠡᠭᠦᠯᠦᠨ ᠬᠡᠯᠡᠯᠴᠡᠭᠡᠷ ᠲᠣᠭᠲᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠢ 200 ᠭᠠᠷᠤᠢ ᠵᠦᠢᠯ ᠭᠠᠷᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠦᠨ ᠨᠡᠮᠡᠷᠢᠯᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ