︵ᠰᠤᠷᠪᠤᠯᠵᠢᠯᠠᠭᠴᠢ ᠰᠦᠩ ᠰᠢᠶᠠᠩ ᠬᠤᠸᠠ︶ 2022 ᠣᠨ—2024 ᠣᠨ ᠪᠣᠯᠲᠠᠯ᠎ᠠ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ | ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠲᠤᠷᠠᠴᠤᠳ ᠤᠨ ᠣᠷᠣᠨ ᠨᠤᠲᠤᠭ ᠤᠨ ᠲᠥᠷᠥᠯ ᠵᠦᠢᠯ ᠤᠨ ᠵᠠᠷᠤᠳᠠᠯ ᠢ ᠨᠡᠶᠢᠲᠡ 2883.31 ᠲᠦᠮᠡᠨ | ᠲᠥᠭᠦᠷᠢᠭ ᠪᠠᠭᠤᠯᠭᠠᠵᠤ᠂ ᠥᠷᠭᠡᠨ ᠣᠯᠠᠨ ᠵᠠᠯᠠᠭᠤ ᠰᠠᠶᠢᠨ ᠲᠤᠷᠠᠴᠤᠳ ᠤᠨ ᠦᠨᠳᠦᠰᠦᠨ ᠱᠠᠲᠤᠨ ᠳᠤ ᠦᠨᠳᠦᠰᠦᠯᠡᠵᠦ᠂ ᠠᠪᠢᠶᠠᠰ ᠴᠢᠳᠠᠪᠤᠷᠢ ᠪᠠᠨ | ᠪᠠᠳᠠᠷᠠᠭᠤᠯᠬᠤ ᠳᠤ ᠪᠠᠲᠤ ᠪᠠᠬᠢ ᠪᠠᠯᠠ ᠮᠥᠩᠭᠦ ᠶᠢᠨ ᠲᠤᠯᠭᠠᠭᠤᠷᠢᠯᠠᠯ ᠬᠠᠩᠭᠠᠵᠤ᠂ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠳᠤ ᠣᠷᠣᠯᠴᠠᠬᠤ ᠳᠤ | ᠦᠷᠭᠦᠯᠵᠢᠯᠡᠨ ᠳᠡᠮᠵᠢᠪᠡ᠃ | ᠣᠶᠢᠷ᠎ᠠ ᠶᠢᠨ ᠵᠢᠯ ᠤᠳ ᠲᠤ᠂ ᠬᠤᠲᠠ ᠶᠢᠨ ᠡᠪᠯᠡᠯ ᠤᠨ ᠬᠤᠷᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠮᠲᠤᠷᠠᠨ ᠵᠣᠬᠢᠶᠠᠨ ᠪᠠᠶᠢᠭᠤᠯᠤᠭᠰᠠᠨ ᠬᠥᠬᠡᠬᠤᠲᠠ ᠶᠢᠨ ᠣᠷᠣᠨ | ᠨᠤᠲᠤᠭ ᠤᠨ ᠲᠥᠷᠥᠯ ᠵᠦᠢᠯ ᠪᠣᠯᠬᠤ ᠤᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠪᠠᠷ ᠦᠢᠯᠡᠴᠢᠯᠡᠬᠦ ᠲᠥᠯᠥᠪᠯᠡᠭᠡ ᠢ ᠬᠡᠷᠡᠭᠵᠢᠭᠦᠯᠦᠭᠰᠡᠨ ᠦᠷ᠎ᠡ | ᠪᠦᠲᠦᠮᠵᠢ ᠢᠯᠡᠳᠲᠡ ᠪᠣᠯᠪᠠ᠃ ᠣᠳᠣᠬᠠᠨ ᠳᠤ᠂ ᠪᠦᠬᠦ ᠬᠤᠲᠠ ᠳᠤ ᠨᠡᠶᠢᠲᠡ 200 ᠰᠠᠶᠢᠨ ᠳᠤᠷᠠᠴᠤᠳ ᠠᠵᠢᠯᠯᠠᠵᠤ ᠪᠠᠶᠢᠨ᠎ᠠ᠃ ᠬᠡᠷᠡᠭᠵᠢᠭᠦᠯᠬᠦ | ᠶᠠᠪᠤᠴᠠ ᠳᠤ᠂ ᠣᠷᠣᠨ ᠤ ᠲᠥᠪ ᠬᠤᠲᠠ ᠶᠢᠨ ᠡᠳ᠋ ᠤᠨ ᠵᠠᠰᠠᠭ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠠᠷᠤᠳᠠᠯ ᠤᠨ ᠪᠠᠲᠤᠯᠠᠭ᠎ᠠ ᠶᠢᠨ | ᠲᠣᠭᠲᠠᠴᠠ ᠶᠢ ᠪᠦᠷᠢᠨᠰᠢᠭᠦᠯᠦᠨ᠂ ᠵᠠᠷᠤᠳᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ | ᠬᠦᠴᠦᠨ ᠨᠡᠮᠡᠷᠢᠯᠡᠪᠡ᠃ | ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠵᠤ᠂ ᠨᠥᠬᠦᠪᠥᠷᠢ ᠪᠡᠯᠡ ᠮᠥᠩᠭᠦ ᠶᠢ ᠪᠣᠳᠠᠲᠠᠶᠢᠵᠢᠭᠤᠯᠬᠤ ᠶᠢ ᠪᠠᠲᠤᠯᠠᠬᠤ ᠶᠢᠨ ᠬᠠᠮᠲᠤ᠂ ᠴᠢᠳᠠᠪᠤᠷᠢᠲᠠᠨ ᠢ | ᠲᠠᠲᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ ᠣᠷᠣᠨ ᠤ ᠲᠥᠪ ᠤᠨ ᠡᠳ᠋ ᠤᠨ | ᠵᠠᠰᠠᠭ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠬᠦ ᠪᠠᠨ ᠴᠢᠩᠭᠠᠳᠬᠠᠵᠤ᠂ ᠪᠥᠬᠦ ᠬᠤᠲᠠ ᠶᠢᠨ ᠪᠠᠷᠠᠭᠤᠨ ᠤᠷᠤᠨ ᠤ ᠲᠥᠯᠥᠪᠯᠡᠭᠡ ᠶᠢᠨ ᠰᠠᠶᠢᠨ | ᠳᠤᠷᠠᠴᠤᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠰᠠᠷ᠎ᠠ ᠪᠦᠷᠢ 2916 ᠲᠥᠭᠦᠷᠢᠭ / ᠬᠥᠮᠦᠨ ᠠᠴᠠ ᠳᠡᠭᠡᠭᠰᠢᠯᠡᠭᠡᠳ ᠰᠠᠷ᠎ᠠ ᠪᠦᠷᠢ 3450 | ᠲᠥᠭᠦᠷᠢᠭ / ᠬᠥᠮᠦᠨ ᠳᠤ ᠬᠦᠷᠭᠡᠵᠦ᠂ ᠪᠠᠷᠠᠭᠤᠨ ᠣᠷᠣᠨ ᠤ ᠲᠥᠯᠥᠪᠯᠡᠭᠡ ᠶᠢᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ | ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠪᠡ᠃ ᠪᠠᠷᠠᠭᠤᠨ ᠣᠷᠣᠨ ᠤ | ᠲᠥᠯᠥᠪᠯᠡᠭᠡ ᠶᠢᠨ ᠰᠠᠶᠢᠨ ᠳᠤᠷᠠᠴᠤᠳ ᠤᠨ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠵᠢᠯ ᠤᠨ | ᠦᠷ᠎ᠡ ᠪᠦᠲᠦᠮᠵᠢ ᠶᠢ ᠦᠨᠡᠯᠡᠬᠦ ᠵᠢᠴᠢ ᠪᠡᠯᠡ ᠮᠥᠩᠭᠦ ᠶᠢᠨ ᠬᠢᠨᠠᠯᠲᠠ ᠪᠠᠶᠢᠴᠠᠭᠠᠯᠲᠠ ᠶᠢ ᠰᠠᠶᠢᠲᠤᠷ ᠥᠷᠨᠢᠭᠦᠯᠦᠨ᠂ ᠪᠡᠯᠡ ᠮᠥᠩᠭᠦ ᠶᠢ ᠠᠮᠤᠷ ᠲᠦᠪᠰᠢᠨ | ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠬᠡᠷᠡᠭᠯᠡᠬᠦ ᠶᠢ ᠪᠠᠲᠤᠯᠠᠵᠤ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠦᠨᠳᠦᠰᠦᠨ | ᠱᠠᠲᠤᠨ ᠳᠤ ᠦᠢᠯᠡᠴᠢᠯᠡᠬᠦ ᠪᠡᠯᠡ ᠮᠥᠩᠭᠦ ᠶᠢᠨ ᠤᠷᠮᠠᠰᠢᠭᠤᠯᠬᠤ ᠪᠠ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠪᠠ᠃ |