ᠲᠦᠷᠦᠭᠦᠬᠡᠨ ᠰᠤᠷᠪᠤᠯᠵᠢᠯᠠᠬᠴᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠭᠦᠭᠡᠬᠤᠲᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠯᠥᠰᠦᠨ | ᠮᠠᠯᠴᠢᠨ ᠲᠠᠷᠢᠶᠠᠴᠢᠨ ᠤ ᠴᠠᠯᠢᠩ ᠮᠥᠩᠭᠦ ᠶᠢ ᠪᠠᠲᠤᠯᠠᠬᠤ ᠠᠵᠢᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ ᠣᠷᠣᠭᠤᠯᠵᠤ᠂ | ︽ᠴᠠᠯᠢᠩ ᠮᠥᠩᠭᠦ ᠥᠷᠢᠲᠦᠬᠦ ᠶᠢ ᠺᠣᠳ᠋ ᠢᠶᠠᠷ ᠭᠦᠢᠴᠡᠳᠬᠡᠬᠦ︾ ᠠᠵᠢᠯᠯᠠᠭ᠎ᠠ ᠶᠢ ᠶᠡᠭᠡ ᠪᠠᠷ ᠥᠷᠨᠢᠭᠦᠯᠪᠡ᠃ ᠣᠳᠣᠬᠠᠨ ᠪᠤᠯᠲᠠᠯ᠎ᠠ ᠭᠦᠭᠡᠬᠤᠲᠠ ᠨᠡᠶᠢᠲᠡ 14202 | ᠬᠤᠪᠢ ᠴᠠᠯᠢᠩ ᠮᠥᠩᠭᠦ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠬᠥᠯᠥᠰᠦᠨ ᠮᠠᠯᠴᠢᠨ ᠲᠠᠷᠢᠶᠠᠴᠢᠨ ᠤ 6866.2 ᠲᠦᠮᠡᠨ ᠲᠥᠭᠦᠷᠢᠭ ᠤᠨ | ᠴᠠᠯᠢᠩ ᠮᠥᠩᠭᠦ ᠶᠢ ᠨᠡᠬᠡᠮᠵᠢᠯᠡᠨ ᠠᠪᠴᠤ ᠥᠭᠪᠡ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠲᠣᠰ ᠠᠵᠢᠯᠯᠠᠭ᠎ᠠ ᠨᠢ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠶᠤᠨᠴᠢ ᠠᠵᠢᠯ ᠣᠯᠭᠤᠯᠲᠠ ᠶᠢᠨ ᠡᠭᠦᠯᠡᠨ ᠦᠢᠯᠡᠴᠢᠯᠡᠭᠡᠨ ᠤ ᠲᠠᠪᠴᠠᠩ ᠳᠤ ︽ᠴᠠᠯᠢᠩ ᠮᠥᠩᠭᠦ ᠥᠷᠢᠲᠦᠪᠡᠯ ᠨᠠᠳᠠ ᠶᠢ ᠡᠷᠢᠭᠡᠷᠡᠢ︾ ᠭᠡᠬᠦ | ᠢᠯᠡᠴᠢᠯᠡᠨ ᠮᠡᠳᠡᠭᠦᠯᠬᠦ ᠬᠤᠶᠠᠷ ᠬᠡᠮᠵᠢᠯᠲᠦ ᠺᠣᠳ᠋ ᠲᠠᠯᠪᠢᠪᠠ᠃ ᠲᠣᠰ ᠺᠣᠳ᠋ ᠨᠢ ᠬᠥᠯᠥᠰᠦᠨ ᠮᠠᠯᠴᠢᠨ ᠲᠠᠷᠢᠶᠠᠴᠢᠨ ᠤ ᠡᠷᠬᠡ ᠠᠰᠢᠭ ᠢᠶᠠᠨ ᠬᠠᠮᠠᠭᠠᠯᠠᠬᠤ | ᠵᠠᠭᠠᠯᠳᠤᠯᠭ᠎ᠠ ᠶᠢ ᠳᠤᠰᠤᠭᠰᠠᠨ ᠤ ᠳᠠᠷᠠᠭ᠎ᠠ᠂ ᠰᠢᠰᠲ᠋ᠧᠮ ᠨᠢ ᠬᠠᠷᠢᠶ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠲᠤ ᠬᠦᠷᠭᠡᠵᠦ᠂ ᠬᠠᠷᠢᠶ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ 1 | ᠠᠵᠢᠯᠯᠠᠬᠤ ᠡᠳᠦᠷ ᠤᠨ ᠳᠣᠲᠣᠷ᠎ᠠ ᠭᠥᠯᠢᠶᠡᠨ ᠠᠪᠴᠤ ᠰᠢᠢᠳᠪᠦᠷᠢᠯᠡᠨ᠂ 5 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠬᠠᠷᠢᠭᠤᠯᠲᠠ ᠥᠭᠴᠦ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠪᠠᠯ᠂ 15 | ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠨ᠎ᠠ᠃ | ᠣᠶᠢᠯᠠᠭᠠᠭᠰᠠᠨ ᠢᠶᠠᠷ᠂ ᠲᠣᠰ ᠲᠠᠪᠴᠠᠩ ᠨᠡᠭᠡᠭᠡᠭᠳᠡᠭᠰᠡᠨ ᠠᠴᠠ ᠨᠠᠭᠠᠰᠢ᠂ 119 ᠬᠤᠪᠢ ᠴᠠᠯᠢᠩ ᠮᠥᠩᠭᠦ ᠨᠡᠬᠡᠮᠵᠢᠯᠡᠨ ᠣᠯᠭᠤᠬᠤ ᠬᠡᠷᠡᠭ ᠢ | ᠰᠢᠢᠳᠪᠦᠷᠢᠯᠡᠵᠦ᠂ 436 ᠬᠥᠯᠥᠰᠦᠨ ᠮᠠᠯᠴᠢᠨ ᠲᠠᠷᠢᠶᠠᠴᠢᠨ ᠳᠤ 672 ᠲᠦᠮᠡᠨ ᠲᠥᠭᠦᠷᠢᠭ ᠤᠨ ᠴᠠᠯᠢᠩ ᠮᠥᠩᠭᠦ ᠶᠢ ᠨᠡᠬᠡᠮᠵᠢᠯᠡᠨ ᠣᠯᠭᠤᠵᠠᠢ᠃ | ᠭᠦᠭᠡᠬᠤᠲᠠ ᠶᠢᠨ ᠬᠢᠨ ᠴᠠᠯᠢᠩ ᠮᠥᠩᠭᠦ ᠥᠷᠢᠲᠦᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠶᠢᠨ ᠲᠥᠯᠥᠭᠡ᠂ ︽ᠴᠠᠯᠢᠩ | ᠮᠥᠩᠭᠦ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠲᠥᠰᠥᠯ︾᠂ ︽ᠴᠠᠯᠢᠩ ᠮᠥᠩᠭᠦ | ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠦᠨᠳᠦᠰᠦᠨ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠴᠠᠯᠢᠩ ᠮᠥᠩᠭᠦ ᠥᠷᠢᠲᠦᠬᠦ ᠶᠢ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ ᠢᠯᠠᠩᠭᠤᠶ᠎ᠠ ᠵᠠᠰᠠᠭ ᠤᠨ ᠣᠷᠳᠣᠨ ᠤ ᠰᠠᠯᠠᠭ᠎ᠠ ᠮᠥᠴᠢᠷ | ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠮᠥᠩᠭᠦ ᠥᠷᠢᠲᠦᠬᠦ ᠠᠰᠠᠭᠤᠳᠠᠯ ᠢ ᠭᠠᠷᠠᠭ ᠪᠦᠷᠢ ᠵᠠᠷᠯᠠᠨ ᠮᠡᠳᠡᠭᠳᠡᠬᠦ᠂ ᠬᠤᠶᠠᠷ ᠭᠠᠷᠠᠭ ᠢᠶᠠᠷ | ᠲᠣᠬᠢᠷᠠᠭᠤᠯᠤᠯᠲᠠ ᠬᠢᠬᠦ᠂ ᠴᠠᠭ ᠲᠤᠬᠠᠢ ᠳᠤᠨᠢ ᠰᠠᠨᠠᠭᠤᠯᠬᠤ᠂ ᠲᠣᠮᠢᠯᠠᠨ ᠰᠠᠭᠤᠯᠭᠠᠵᠤ ᠵᠢᠯᠤᠭᠤᠳᠬᠤ ᠵᠡᠷᠭᠡ ᠠᠷᠭ᠎ᠠ ᠭᠡᠯᠪᠡᠷᠢ ᠪᠠᠷ ᠳᠠᠮᠵᠢᠨ᠂ ᠪᠦᠭᠦ ᠬᠤᠲᠠ ᠶᠢᠨ | ᠴᠠᠯᠢᠩ ᠮᠥᠩᠭᠦ ᠥᠷᠢᠲᠦᠬᠦ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠪᠠ᠃ |