︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠬᠥᠬᠡᠬᠤᠲᠠ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ | ᠨᠢᠭᠡᠳᠦᠯᠲᠡᠢ ᠲᠥᠯᠥᠪᠯᠡᠵᠦ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ | ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠴᠢᠷᠮᠠᠶᠢᠨ ᠪᠦᠲᠦᠭᠡᠨ ᠪᠠᠢᠭᠤᠯᠵᠤ᠂ ᠣᠳᠣ | ᠪᠣᠯᠲᠠᠯ᠎ᠠ ᠪᠦᠬᠦ ᠬᠤᠲᠠ ᠶᠢᠨ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 3.83 ᠲᠦᠮᠡᠨ ᠬᠥᠮᠦᠨ ᠤᠳᠠᠭ᠎ᠠ ᠲᠣᠭᠤᠷᠢᠨ | ᠴᠠᠭᠳᠠᠵᠤ᠂ ᠨᠡᠶᠢᠲᠡ 7.15 ᠲᠦᠮᠡᠨ ᠺᠢᠯᠣᠮᠧᠲᠷ ᠠᠶᠠᠯᠠᠪᠠ᠃ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ᠂ ᠬᠤᠲᠠ᠂ ᠰᠢᠶᠠᠨ ᠬᠤᠶᠠᠷ | ᠱᠠᠲᠤᠨ ᠤ ᠬᠢᠨ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠤᠷᠠᠯ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠳᠦᠷᠢᠮ ᠤᠨ ᠲᠤᠰᠬᠠᠢ ᠰᠡᠳᠦᠪᠲᠦ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ | ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠰᠢᠶᠠᠩ᠂ ᠲᠣᠰᠬᠤᠨ ᠤ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠴᠠᠭᠳᠠᠬᠤ ᠤᠳᠠᠭ᠎ᠠ ᠶᠢ ᠰᠢᠯᠢᠳᠡᠭᠵᠢᠭᠦᠯᠦᠨ ᠲᠤᠬᠢᠷᠠᠭᠤᠯᠪᠠ᠃ ᠡᠨᠡ ᠬᠤᠭᠤᠴᠠᠭᠠᠨ ᠳᠤ᠂ ᠬᠥᠬᠡᠬᠤᠲᠠ ᠬᠢᠭᠡᠳ ᠱᠦᠸᠧ ᠵᠧᠦ ᠬᠤᠳᠠ᠂ | ᠰᠢᠨᠵᠸᠦ ᠬᠤᠳᠠ ᠶᠢᠨ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ ᠯᠦᠭᠡ ᠲᠤᠰ ᠲᠤᠰ ᠤᠯᠠᠭᠠᠨᠮᠥ᠋ᠷᠡᠨ᠂ ᠬᠠᠳᠤᠨ ᠭᠤᠣᠯ ᠵᠡᠷᠭᠡ ᠮᠤᠵᠢ ᠠᠯᠤᠰᠯᠠᠭᠰᠠᠨ | ᠭᠤᠣᠯ ᠮᠥᠷᠡᠨ ᠨᠠᠭᠤᠷ ᠴᠥᠭᠦᠷᠥᠮ ᠢ ᠬᠤᠯᠪᠣᠭᠠᠯᠠᠨ ᠰᠡᠷᠭᠡᠶᠢᠯᠡᠵᠦ ᠡᠵᠡᠮᠳᠡᠨ ᠵᠠᠰᠠᠬᠤ ᠲᠣᠭᠲᠠᠴᠠ ᠶᠢ ᠪᠠᠶᠢᠭᠤᠯᠵᠤ᠂ ᠪᠤᠭᠤᠲᠤ ᠶᠢᠨ ᠬᠤᠳᠠ ᠰᠢᠶᠠᠨ ᠬᠤᠶᠠᠷ | ᠱᠠᠲᠤᠨ ᠤ ᠭᠤᠣᠯ ᠮᠥᠷᠡᠨ ᠤ ᠳᠠᠷᠤᠭ᠎ᠠ ᠶᠢᠨ ᠠᠯᠪᠠᠨ ᠭᠡᠷ᠂ ᠪᠠᠶᠢᠴᠠᠭᠠᠬᠤ ᠬᠤᠷᠢᠶ᠎ᠠ ᠯᠤᠭ᠎ᠠ ᠬᠠᠳᠤᠨ ᠭᠤᠣᠯ ᠤᠨ ᠣᠷᠣᠨ ᠪᠦᠰᠡ ᠠᠯᠤᠰᠯᠠᠨ ᠬᠤᠯᠪᠣᠭᠠᠯᠠᠨ | ᠰᠡᠷᠭᠡᠶᠢᠯᠡᠵᠦ ᠡᠵᠡᠮᠳᠡᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ+ᠪᠠᠶᠢᠴᠠᠭᠠᠬᠤ ᠳᠠᠷᠤᠭ᠎ᠠ+ | ᠴᠠᠭᠳᠠᠭᠠᠨ ᠳᠠᠷᠤᠭ᠎ᠠ︾ ᠶᠢᠨ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠬᠡᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠠᠯᠪᠠᠨ ᠬᠡᠷ᠂ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤ ᠪᠠᠷ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠵᠤ᠂ | ︽ᠬᠠᠪᠤᠷ ᠤᠨ ᠤᠯᠠᠷᠢᠯ︾᠂ ︽ᠨᠠᠮᠤᠷ ᠤᠨ ᠤᠯᠠᠷᠢᠯ︾᠂ ᠬᠠᠤᠯᠢ ᠪᠤᠰᠤ ᠪᠠᠷ ᠡᠯᠡᠰᠦ ᠮᠠᠯᠲᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠭᠤᠤᠯ ᠮᠥᠷᠡᠨ ᠢ ᠲᠣᠭᠤᠷᠢᠨ ᠪᠠᠶᠢᠴᠠᠭᠠᠵᠤ ᠭᠤᠤᠯ ᠮᠥᠷᠡᠨ ᠢ ᠬᠠᠮᠠᠭᠠᠯᠠᠬᠤ ᠠᠵᠢᠯᠯᠠᠭ᠎ᠠ ᠶᠢ ᠬᠠᠮᠲᠤᠷᠠᠨ ᠥᠷᠨᠢᠭᠦᠯᠵᠦ᠂ | ᠬᠠᠮᠲᠤ ᠪᠠᠷ ᠵᠠᠰᠠᠵᠤ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠬᠠᠤᠯᠢ ᠴᠠᠭᠠᠵᠠ ᠶᠢᠨ | ᠬᠢᠨᠠᠯᠲᠠ ᠶᠢ ᠴᠢᠩᠭᠠᠳᠬᠠᠪᠠ᠃ ᠨᠢᠭᠡ ᠵᠢᠯ ᠤᠨ ᠲᠤᠷᠰᠢ᠂ ᠪᠥᠬᠦ ᠬᠤᠲᠠ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠳᠠᠷᠤᠭ᠎ᠠ ᠶᠢᠨ ᠢᠯᠡ ᠨᠡᠶᠢᠲᠡᠯᠡᠬᠦ | ᠫᠠᠶᠢᠰᠠ ᠨᠡᠶᠢᠲᠡ 290 ᠰᠣᠯᠢᠵᠤ᠂ 245 ᠭᠤᠤᠯ ᠤᠨ ᠵᠠᠮ ᠤᠨ ᠰᠡᠷᠡᠮᠵᠢ ᠶᠢᠨ ᠫᠠᠶᠢᠰᠠ ᠶᠢ ᠨᠡᠮᠡᠨ ᠪᠠᠶᠢᠭᠤᠯᠵᠤ᠂ ᠴᠢᠬᠤᠯᠠ ᠭᠤᠤᠯ ᠮᠥᠷᠡᠨ ᠤ ᠬᠡᠰᠡᠭ ᠲᠤ | ᠭᠤᠤᠯ ᠮᠥᠷᠡᠨ ᠢ ᠴᠠᠭᠳᠠᠨ ᠪᠠᠶᠢᠴᠠᠭᠠᠬᠤ 395 ᠴᠡᠪᠡᠷᠯᠡᠭᠴᠢ ᠲᠣᠬᠢᠷᠠᠭᠤᠯᠵᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ | ︽ᠡᠴᠦᠰ ᠤᠨ ᠨᠢᠭᠡ ᠺᠢᠯᠣᠮᠧᠲᠷ︾ ᠢ ᠲᠠᠰᠤᠷᠠᠯᠲᠠ ᠥᠬᠡᠶ ᠴᠢᠩᠭᠠᠳᠬᠠᠪᠠ᠃ |