ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ 12 ᠠᠶᠢᠮᠠᠭ | ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ | ᠰᠢᠰᠲ᠋ᠧᠮ ᠢ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠳᠤ ᠵᠠᠯᠭᠠᠨ ᠣᠷᠣᠭᠤᠯᠵᠤ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠵᠦ᠂ ᠣᠳᠣᠬᠠᠨ ᠳᠤ ᠨᠢᠭᠡᠨᠲᠡ 20.3 ᠲᠦᠮᠡᠨ ᠬᠤᠯᠪᠣᠭᠳᠠᠯ ᠪᠦᠬᠦᠢ ᠤᠴᠢᠷ ᠶᠠᠪᠤᠳᠠᠯ ᠢ | ᠰᠢᠢᠳᠪᠦᠷᠢᠯᠡᠵᠦ ᠳᠠᠭᠤᠰᠬᠠᠭᠰᠠᠨ ᠪᠠᠶᠢᠨ᠎ᠠ᠃ | ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠲᠤ ᠣᠷᠣᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠣᠷᠣᠬᠴᠢ ᠨᠡᠷ᠎ᠡ ᠮᠡᠳᠡᠭᠦᠯᠬᠦ | ᠪᠤᠯᠬᠤ ᠪᠦᠷᠢ ᠭᠡᠷ ᠤᠨ ᠠᠬᠠᠮᠠᠳ ᠴᠥᠮ ᠥᠯᠥ ᠬᠥᠳᠡᠯᠬᠦ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠨᠡᠶᠢᠭᠡᠮ ᠤᠨ ᠳᠠᠭᠠᠳᠬᠠᠯ᠂ ᠡᠷᠡᠭᠦᠯ ᠬᠠᠮᠠᠭᠠᠯᠠᠯ ᠵᠡᠷᠭᠡ | ᠣᠯᠠᠨ ᠰᠠᠯᠠᠭ᠎ᠠ ᠮᠥᠴᠢᠷ ᠢᠶᠠᠷ ᠶᠠᠪᠤᠵᠤ᠂ ᠣᠯᠠᠨ ᠵᠦᠢᠯ ᠤᠨ ᠭᠡᠷᠡᠴᠢᠯᠡᠬᠦ ᠮᠠᠲ᠋ᠧᠷᠢᠶᠠᠯ ᠠᠪᠴᠤ᠂ ᠰᠤᠷᠭᠠᠭᠤᠯᠢ ᠳᠤ ᠬᠦᠷᠴᠦ ᠮᠥᠷᠯᠡᠨ ᠮᠠᠲ᠋ᠧᠷᠢᠶᠠᠯ ᠬᠢᠨᠠᠨ | ᠬᠠᠷᠭᠤᠭᠤᠯᠳᠠᠭ ᠪᠠᠶᠢᠪᠠ᠃ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠢᠳᠡᠪᠬᠢᠲᠡᠢ ᠵᠣᠬᠢᠴᠠᠭᠤᠯᠤᠨ ᠰᠤᠷᠭᠠᠭᠤᠯᠢ ᠳᠤ ᠣᠷᠣᠬᠤ ᠮᠠᠲ᠋ᠧᠷᠢᠶᠠᠯ ᠢ ᠲᠠᠰᠤᠷᠠᠯᠲᠠ ᠦᠭᠡᠢ ᠳᠥᠭᠦᠮᠴᠢᠯᠡᠵᠦ᠂ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠨ᠂ ᠰᠤᠷᠭᠠᠭᠤᠯᠢ ᠳᠤ ᠣᠷᠣᠬᠤ ᠶᠠᠪᠤᠴᠠ ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠠᠩ ᠥᠨᠳᠥᠷ ᠪᠦᠲᠦᠮᠵᠢᠲᠡᠶ | ᠪᠥᠭᠡᠳ ᠳᠥᠭᠦᠮ ᠳᠥᠲᠡ ᠪᠤᠯᠭᠠᠬᠤ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠤᠰᠬᠠᠢ ᠬᠥᠮᠥᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠮᠣ | ᠳ᠋ᠠᠶᠢᠲ᠋ᠠ ᠶᠢᠨ ᠲᠥᠪ ᠤᠨ ᠶᠢᠰᠦᠨ ᠬᠡᠯᠲᠡᠰ ᠲᠠᠢ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ | ᠶᠠᠪᠤᠳᠠᠯ︾ ᠤᠨ ᠡᠭᠦᠷᠭᠡ ᠶᠢ ᠬᠠᠮᠲᠤ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 8 ᠰᠠᠯᠠᠭ᠎ᠠ ᠮᠥᠴᠢᠷ ᠲᠠᠢ ᠬᠠᠮᠲᠤᠷᠠᠨ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ ᠨᠢᠭᠡ ᠶᠠᠪᠤᠳᠠᠯ ᠤᠨ ᠠᠵᠢᠯ ᠤᠨ ᠲᠥᠰᠥᠯ︾ ᠢ | ᠳᠠᠷᠤᠮᠠᠯᠯᠠᠨ ᠲᠠᠷᠬᠠᠭᠠᠵᠤ᠂ ᠰᠢᠨ᠎ᠡ ᠰᠣᠷᠣᠬᠴᠢ ᠶᠢᠨ ᠰᠤᠷᠭᠠᠭᠤᠯᠢ ᠳᠤ ᠣᠷᠣᠬᠤ ᠮᠡᠳᠡᠭᠡ ᠵᠠᠩᠭᠢ ᠶᠢ ᠴᠤᠭᠯᠠᠭᠤᠯᠬᠤ᠂ ᠡᠷᠦᠭᠡ ᠠᠮᠠ ᠶᠢᠨ ᠬᠠᠷᠢᠶ᠎ᠠ ᠶᠢᠨ | ᠲᠥᠷᠥᠯ ᠤᠨ ᠭᠡᠷᠡᠴᠢ᠂ ᠣᠷᠣᠰᠢᠨ ᠰᠠᠭᠤᠬᠤ ᠦᠨᠡᠮᠯᠡᠯ ᠵᠡᠷᠭᠡ ᠵᠦᠢᠯᠡᠰ ᠲᠤ ᠬᠤᠯᠪᠣᠭᠳᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠰᠢᠯᠵᠢᠭᠦᠯᠦᠨ ᠬᠡᠷᠡᠭᠯᠡᠬᠦ ᠶᠢ | ᠪᠡᠶᠡᠯᠡᠭᠦᠯᠵᠦ᠂ ᠰᠤᠷᠭᠠᠭᠤᠯᠢ ᠳᠤ ᠣᠷᠣᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠭᠡᠭᠡᠯᠲᠡ ᠲᠠᠢ ᠬᠠᠮᠲᠤ ᠪᠠᠷ ᠡᠳ᠋ᠯᠡᠬᠦ ᠶᠢ ᠦᠨᠡᠨᠬᠦ ᠪᠠᠲᠤᠯᠠᠪᠠ᠃ ᠡᠭᠦᠨ ᠠᠴᠠ | ᠭᠠᠳᠠᠨ᠎ᠠ᠂ ᠮᠡᠷᠭᠡᠵᠢᠯ ᠤᠨ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠠᠢ | ᠬᠠᠮᠲᠤ ᠪᠠᠷ ᠮᠡᠷᠭᠡᠵᠢᠯ ᠤᠨ ᠲᠥᠰᠥᠯ ᠲᠣᠭᠲᠠᠭᠠᠬᠤ ᠶᠢᠨ ᠬᠠᠮᠲᠤ ᠲᠤᠭ᠎ᠠ ᠪᠠᠷᠢᠮᠲᠠ ᠶᠢᠨ ᠬᠤᠯᠪᠣᠭᠠᠰᠤ ᠶᠢ ᠨᠡᠭᠡᠭᠡᠨ ᠬᠥᠭᠵᠢᠭᠦᠯᠵᠦ᠂ ᠡᠯ᠎ᠡ ᠠᠶᠢᠮᠠᠭ ᠬᠤᠲᠠ ᠶᠢᠨ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ 2023 ᠣᠨ ᠳᠤ ᠠᠰᠢᠭᠯᠠᠯᠲᠠ ᠳᠤ ᠣᠷᠣᠭᠤᠯᠤᠭᠰᠠᠨ︽ᠨᠢᠭᠡ ᠳᠠᠷᠤᠪᠴᠢ ᠪᠠᠷ | ᠬᠡᠦᠬᠡᠳ ᠤᠨ ᠴᠡᠴᠡᠷᠯᠢᠭ ᠰᠤᠷᠭᠠᠭᠤᠯᠢ ᠳᠤ ᠣᠷᠣᠬᠤ︾ᠰᠢᠰᠲ᠋ᠧᠮ ᠤᠨ ᠰᠠᠭᠤᠷᠢᠨ ᠳᠡᠭᠡᠷ᠎ᠡ᠂ ᠰᠢᠰᠲ᠋ᠧᠮ ᠤᠨ ᠵᠠᠯᠭᠠᠭᠠᠰᠤ ᠶᠢ ᠨᠡᠭᠡᠭᠡᠨ ᠬᠥᠭᠵᠢᠭᠦᠯᠬᠦ ᠪᠠ | ᠵᠣᠯᠭᠠᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂︽ᠰᠤᠷᠭᠠᠨ ᠬᠥᠮᠦᠵᠢᠯ ᠰᠤᠷᠭᠠᠭᠤᠯᠢ ᠳᠤ ᠣᠷᠣᠬᠤ ᠨᠢᠭᠡ ᠶᠠᠪᠤᠳᠠᠯ︾ ᠤᠨ ᠠᠵᠢᠯ ᠤᠨ | ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ |