︵ᠰᠤᠷᠪᠤᠯᠵᠢᠯᠠᠭᠴᠢ ᠰᠦᠩ ᠰᠢᠶᠠᠩ ᠬᠤᠸᠠ︶ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠨᠠᠮ ᠤᠨ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠲᠦᠷᠭᠡᠨ | ᠬᠦᠷᠭᠡᠭᠴᠢ ᠶᠢᠨ ᠡᠩᠨᠡᠭᠡ ᠶᠢᠨ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠬᠤ ᠶᠢ ᠠᠬᠢᠭᠤᠯᠵᠤ᠂ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ | ᠨᠡᠶᠢᠲᠡ 3065 ᠰᠢᠤᠳᠠᠨᠴᠢ 351 ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠦᠭᠰᠡᠨ ᠪᠠᠶᠢᠨ᠎ᠠ᠃ | ᠡᠨᠡ ᠵᠢᠯ᠂ ᠬᠥᠬᠡᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠵᠡᠷᠭᠡ | ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ︽ᠨᠠᠮ ᠤᠨ ᠪᠠᠶᠢᠭᠤᠯᠤᠯᠲᠠ ᠰᠢᠤᠳᠠᠨ ᠤ ᠠᠵᠢᠯ ᠲᠥᠷᠥᠯ ᠢ ᠬᠥᠲᠥᠯᠥᠨ ᠵᠢᠯᠣᠭᠤᠳᠴᠤ | ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠯᠴᠠᠭᠤᠯᠬᠤ ᠲᠤᠬᠠᠶ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠲᠠᠢ ᠬᠠᠮᠲᠤᠷᠠᠨ ︽ᠨᠠᠮ ᠤᠨ ᠪᠠᠶᠢᠭᠤᠯᠤᠯᠲᠠ ᠪᠠᠷ ᠲᠦᠷᠭᠡᠨ ᠬᠦᠷᠭᠡᠭᠴᠢ ᠶᠢᠨ ᠠᠵᠢᠯ | ᠲᠥᠷᠥᠯ ᠢ ᠬᠥᠲᠥᠯᠥᠨ ᠳᠠᠭᠠᠭᠤᠯᠵᠤ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠣᠷᠣᠯᠴᠠᠭᠤᠯᠬᠤ ᠶᠢ ᠤᠯᠠᠮ ᠨᠢᠭᠡ ᠠᠯᠬᠤᠮ ᠲᠦᠷᠭᠡᠳᠭᠡᠬᠦ ᠲᠤᠬᠠᠶ | ᠵᠢᠯᠣᠭᠤᠳᠬᠤ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠬᠠᠷᠢᠶ᠎ᠠ ᠭᠠᠵᠠᠷ ᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠬᠢᠭᠡᠳ ᠬᠠᠷᠢᠶ᠎ᠠ | ᠣᠷᠣᠨ ᠤ ᠰᠢᠤᠳᠠᠨ ᠤ ᠠᠵᠤ ᠠᠬᠤᠶᠢᠯᠠᠯ ᠢ ᠵᠣᠯᠭᠠᠭᠤᠯᠬᠤ ᠶᠢ ᠲᠣᠳᠣᠷᠬᠠᠶᠢᠯᠠᠵᠤ᠂ ︽ᠠᠵᠢᠯ ᠲᠥᠷᠥᠯ ᠤᠨ ᠨᠠᠮ ᠤᠨ ᠬᠤᠷᠢᠶ᠎ᠠ+ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ+ ᠵᠡᠭᠡᠯᠢ ᠭᠤᠳᠤᠮᠵᠢ ᠨᠡᠶᠢᠭᠡᠮ ᠲᠣᠭᠤᠷᠢᠭ+ ᠰᠢᠣᠳᠠᠨ ᠤ ᠲᠣᠤᠷ ᠴᠡᠭ+ ᠲᠦᠷᠭᠡᠨ ᠬᠦᠷᠭᠡᠭᠴᠢ︾ ᠶᠢᠨ ᠨᠡᠶᠢᠭᠡᠮ ᠤᠨ | ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠪᠠ᠃ ᠬᠠᠮᠢᠶᠠᠷᠤᠯᠲᠠ ᠶᠢᠨ ᠣᠷᠣᠨ ᠪᠦᠰᠡ ᠶᠢᠨ ᠶᠤᠰᠤᠭᠠᠷ ᠲᠦᠷᠭᠡᠨ ᠬᠦᠷᠭᠡᠭᠴᠢ ᠶᠢ | ᠬᠥᠲᠥᠯᠥᠨ ᠵᠢᠯᠣᠭᠤᠳᠴᠤ ᠨᠡᠶᠢᠭᠡᠮ ᠲᠣᠭᠤᠷᠢᠭ ᠲᠤ ᠨᠡᠷ᠎ᠡ ᠮᠡᠳᠡᠭᠦᠯᠵᠦ᠂ ᠲᠦᠷᠭᠡᠨ ᠬᠦᠷᠭᠡᠭᠴᠢ ᠶᠢᠨ ᠮᠡᠳᠡᠭᠦᠯᠦᠭᠰᠡᠨ ᠦᠨᠳᠦᠰᠦᠨ ᠱᠠᠲᠤᠨ ᠤ ᠵᠠᠰᠠᠯᠲᠠ ᠶᠢᠨ | ᠠᠰᠠᠭᠤᠳᠠᠯ ᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠠᠴᠠ ᠬᠤᠯᠪᠣᠭᠳᠠᠯ ᠪᠦᠬᠦᠢ ᠨᠢᠭᠡᠴᠢ ᠲᠠᠢ ᠬᠠᠮᠲᠤᠷᠠᠨ ᠢᠳᠡᠪᠬᠢᠲᠡᠶ ᠪᠠᠷ ᠰᠢᠢᠳᠪᠦᠷᠢᠯᠡᠪᠡ᠃ ᠦᠨᠳᠦᠰᠦᠨ | ᠱᠠᠲᠤᠨ ᠤ ᠵᠠᠰᠠᠯᠲᠠ ᠳᠤ ᠣᠷᠣᠯᠴᠠᠭᠰᠠᠨ ᠲᠦᠷᠭᠡᠨ ᠬᠦᠷᠭᠡᠭᠴᠢ ᠳᠤ ᠬᠤᠪᠢ ᠬᠤᠷᠠᠮᠳᠤᠭᠤᠯᠵᠤ ᠱᠠᠩᠨᠠᠬᠤ ᠳᠦᠷᠢᠮ ᠢ ᠪᠠᠶᠢᠭᠤᠯᠵᠤ᠂ ᠠᠰᠠᠭᠤᠳᠠᠯ ᠢ | ︽ᠢᠯᠡᠷᠡᠭᠦᠯᠬᠦ —ᠰᠢᠢᠳᠪᠦᠷᠢᠯᠡᠬᠦ— ᠬᠠᠷᠢᠭᠤ ᠲᠤᠰᠬᠠᠬᠤ— ᠤᠷᠮᠠᠰᠢᠭᠤᠯᠬᠤ︾ ᠪᠢᠲᠡᠭᠦᠦ ᠴᠠᠭᠠᠷᠢᠭ ᠤᠨ ᠲᠣᠭᠲᠠᠴᠠ ᠶᠢ ᠪᠤᠢ ᠪᠤᠯᠭᠠᠵᠠᠢ᠃ ᠥᠪᠡᠷᠲᠡᠭᠡᠨ | ᠵᠠᠰᠠᠬᠤ ᠣᠷᠣᠨ ᠤ ᠰᠢᠤᠳᠠᠨ ᠤ ᠠᠵᠢᠯ ᠲᠥᠷᠥᠯ ᠤᠨ ᠨᠠᠮ ᠤᠨ ᠬᠤᠷᠢᠶ᠎ᠠ ᠲᠠᠢ ᠬᠤᠯᠪᠣᠭᠠᠯᠠᠨ᠂ ᠲᠦᠷᠭᠡᠨ ᠬᠦᠷᠭᠡᠭᠴᠢ ᠶᠢᠨ ᠦᠨᠳᠦᠰᠦᠨ ᠱᠠᠲᠤᠨ ᠤ | ᠵᠠᠰᠠᠯᠲᠠ ᠶᠢᠨ ᠠᠵᠢᠯ ᠳᠤ ᠣᠷᠣᠯᠴᠠᠬᠤ ᠶᠢ ᠠᠬᠢᠭᠤᠯᠵᠤ᠂ ᠬᠤᠲᠠ ᠶᠢᠨ ᠳᠥᠷᠪᠡᠨ ᠲᠣᠭᠤᠷᠢᠭ ᠤᠨ ᠨᠡᠶᠢᠭᠡᠮ ᠤᠨ ᠠᠵᠢᠯ ᠤᠨ ᠬᠡᠯᠲᠡᠰ᠂ ᠰᠢᠤᠳᠠᠨ ᠤ ᠠᠵᠤ | ᠠᠬᠤᠶᠢᠯᠠᠯ ᠢ ᠨᠡᠪᠲᠡᠷᠡᠯᠴᠡᠨ ᠵᠣᠬᠢᠴᠠᠭᠤᠯᠵᠤ᠂ ᠲᠦᠷᠭᠡᠨ ᠬᠦᠷᠭᠡᠭᠴᠢ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠳᠤ ᠰᠠᠨᠠᠭᠠᠴᠢᠯᠠᠭ᠎ᠠ ᠠᠴᠠ ᠪᠠᠨ | ᠣᠷᠣᠯᠴᠠᠬᠤ ᠶᠢ ᠠᠬᠢᠭᠤᠯᠪᠡ᠃ | |