ᠲᠦᠷᠦᠭᠦᠬᠡᠨ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ 2024 ᠣᠨ ᠤ ︽ᠰᠢᠨ᠎ᠡ ᠴᠠᠭ ᠦᠶ᠎ᠡ ᠶᠢᠨ | ᠰᠢᠯᠢᠳᠡᠭ ᠪᠠᠭᠠᠴᠤᠳ ᠪᠤᠯᠬᠤ ᠪᠠᠷ ᠬᠦᠴᠦᠯᠡᠨ ᠴᠢᠷᠮᠠᠶᠢᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠭᠦᠭᠡᠬᠤᠲᠠ ᠶᠢᠨ ᠰᠠᠶᠢᠬᠠᠨ ᠲᠣᠭᠤᠷᠢᠭ ᠤᠨ | ᠵᠢᠨᠴᠢᠶᠣᠣ ᠪᠠᠭ᠎ᠠ ᠰᠤᠷᠭᠠᠭᠤᠯᠢ ᠳᠤ ᠶᠠᠪᠤᠭᠳᠠᠪᠠ᠃ ᠭᠦᠭᠡᠬᠤᠲᠠ ᠶᠢᠨ ᠡᠯ᠎ᠡ ᠰᠤᠷᠭᠠᠭᠤᠯᠢ ᠶᠢᠨ 400 ᠭᠠᠷᠤᠢ ᠪᠠᠭᠰᠢ ᠰᠤᠷᠤᠬᠴᠢᠳ ᠠᠵᠢᠯᠯᠠᠭ᠎ᠠ ᠳᠤ | ᠣᠷᠣᠯᠴᠠᠵᠤ᠂ ᠶᠠᠷᠢᠶ᠎ᠠ ᠢᠯᠡᠳᠬᠡᠯ᠂ ᠨᠠᠶᠢᠷᠠᠯ ᠳᠠᠭᠤᠤ᠂ ᠲᠠᠶᠢᠰᠠᠨ ᠤ ᠵᠦᠴᠦᠭᠡ ᠪᠠ ᠪᠥᠵᠢᠭ ᠵᠡᠷᠭᠡ ᠭᠡᠯᠪᠡᠷᠢ ᠪᠠᠷ ᠵᠠᠯᠠᠭᠤᠴᠤᠳ ᠪᠠᠭᠠᠴᠤᠳ ᠤᠨ ᠰᠤᠷᠤᠯᠴᠠᠯᠭ᠎ᠠ | ᠠᠮᠢᠳᠤᠷᠠᠯ ᠤᠨ ᠳᠤᠮᠳᠠᠬᠢ ᠦᠰᠦᠨ ᠪᠤᠶᠢᠵᠢᠯᠳᠠ ᠶᠢᠨ ᠦᠯᠢᠭᠡᠷ ᠢᠶᠠᠨ ᠬᠤᠪᠢᠶᠠᠯᠴᠠᠵᠤ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠢᠷᠡᠭᠡᠳᠦᠢ ᠶᠢᠨ | ᠲᠤᠬᠠᠢ ᠬᠦᠰᠡᠯ ᠡᠷᠡᠮᠡᠯᠵᠡᠯ ᠢ ᠳᠡᠯᠭᠡᠨ ᠦᠵᠡᠭᠦᠯᠪᠡ᠃ | ᠲᠣᠰ ᠠᠵᠢᠯᠯᠠᠭ᠎ᠠ ᠨᠢ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ᠂ ᠥᠭᠡᠳᠡᠯᠡᠨ | ᠳᠠᠪᠰᠢᠬᠤ ᠪᠠᠷ ᠬᠦᠴᠦᠯᠡᠨ ᠴᠢᠷᠮᠠᠶᠢᠬᠤ ᠨᠡᠩ ᠤᠯᠠᠨ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠢ ᠬᠥᠮᠥᠵᠢᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ | ᠠᠵᠢᠯᠯᠠᠭ᠎ᠠ ᠳᠤ ᠣᠷᠣᠯᠴᠠᠬᠰᠠᠨ ᠰᠤᠷᠤᠬᠴᠢᠳ ᠰᠢᠯᠢᠳᠡᠭ ᠪᠠᠭᠠᠴᠤᠳ ᠤᠨ ᠰᠠᠶᠢᠨ ᠰᠠᠶᠢᠬᠠᠨ ᠵᠠᠩ ᠰᠤᠷᠲᠠᠯ ᠢᠶᠠᠷ ᠬᠡᠪ ᠳᠠᠭᠤᠷᠢᠶᠠᠯ ᠪᠤᠯᠭᠠᠵᠤ᠂ ᠰᠢᠨ᠎ᠡ ᠴᠠᠭ | ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠢᠳᠡᠪᠬᠢᠲᠡᠢ ᠴᠢᠷᠮᠠᠶᠢᠬᠤ ᠬᠦᠰᠡᠯ ᠵᠣᠷᠢᠭ ᠢᠶᠠᠨ ᠢᠯᠡᠳᠬᠡᠵᠡᠭᠡᠪᠡ᠃ |