ᠰᠠᠶᠢᠨ ᠳᠤᠷ᠎ᠠ ᠶᠢᠨ ᠬᠦᠴᠦᠨ ᠢᠶᠠᠨ ᠡᠷᠭᠦᠵᠦ  ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2024/12/5
1205.jpg
      12 ᠳ᠋ᠤᠭᠠᠷ ᠰᠠᠷ᠎ᠠ ᠶᠢᠨ 4 ᠤ ᠡᠳᠦᠷ᠂ ᠢᠦᠢ ᠴᠢᠤᠸᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠠᠴᠠ ᠲᠦᠷᠦᠭᠦᠯᠡᠨ ᠥᠪᠥᠷ ᠮᠣᠩᠭᠤᠯ ᠤᠨ ᠰᠣᠨᠢᠨ ᠮᠡᠳᠡᠭᠡᠨ ᠤ ᠰᠤᠪᠠᠭ ᠤᠨ ᠡᠳᠦᠷ ᠪᠦᠷᠢ ᠶᠢᠨ ᠰᠣᠨᠢᠨ ᠮᠡᠳᠡᠭᠡ ᠪᠤᠯᠤᠩ᠂ ᠢᠦᠢ ᠴᠢᠤᠸᠠᠨ ᠲᠣᠭᠤᠷᠢᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠢᠦᠢ ᠴᠢᠤᠸᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠨᠢᠭᠡᠴᠢ ᠲᠠᠢ ᠬᠠᠮᠲᠤᠷᠠᠨ ᠢᠦᠢ ᠴᠢᠤᠸᠠᠨ ᠲᠣᠭᠤᠷᠢᠭ ᠤᠨ 2024 ᠣᠨ ᠤ ᠣᠯᠠᠨ ᠤᠯᠤᠰ ᠤᠨ ᠰᠠᠶᠢᠨ ᠲᠤᠷᠠᠴᠤᠳ ᠤᠨ  ᠳᠤᠷᠠᠰᠬᠠᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠳᠤ᠂ ᠰᠠᠶᠢᠨ ᠳᠤᠷᠠᠴᠤᠳ ᠣᠯᠠᠨ ᠲᠦᠮᠡᠨ ᠳᠤ ᠰᠦᠢᠳᠬᠡᠯ ᠬᠤᠷᠢᠶᠠᠬᠤ ᠥᠬᠡᠶ ᠪᠠᠷ ᠦᠰᠦ ᠵᠠᠰᠠᠬᠤ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠦᠢᠯᠡᠴᠢᠯᠡᠭᠡ ᠬᠠᠩᠭᠠᠪᠠ᠃      ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ