ᠲᠣᠭᠲᠠᠬᠤ ᠰᠢᠶᠠᠨ ᠦᠵᠦᠮ ᠲᠠᠷᠢᠵᠤ ᠤᠷᠭᠤᠭᠤᠯᠬᠤ ᠰᠢᠨᠵᠢᠯᠡᠬᠦ ᠤᠬᠠᠭᠠᠨᠲᠠᠨ ᠤ ᠠᠵᠢᠯᠯᠠᠬᠤ ᠦᠷᠳᠡᠭᠡ ᠲᠠᠢ ᠪᠣᠯᠪᠠ
ᠨᠡᠶᠢᠲᠡᠯᠡᠭᠰᠡᠨ ᠴᠠᠭ᠄
2024/12/6
      ᠣᠶᠢᠷ᠎ᠠ ᠳᠤ  ︽ᠦᠵᠦᠮ ᠤᠨ ᠨᠤᠲᠤᠭ︾ ᠬᠡᠮᠡᠭᠳᠡᠬᠦ ᠭᠦᠭᠡᠬᠤᠳᠠ ᠶᠢᠨ ᠲᠣᠭᠲᠠᠬᠤ ᠰᠢᠶᠠᠨ ᠳᠤ ᠨᠢᠭᠡᠨ ᠪᠠᠶᠠᠷᠲᠤ ᠶᠠᠪᠤᠳᠠᠯ ᠲᠣᠬᠢᠶᠠᠯᠳᠤᠵᠠᠢ  - ᠲᠤᠰ ᠰᠢᠶᠠᠨ ᠤ ᠠᠩᠬᠠᠳᠠᠭᠴᠢ ᠦᠵᠦᠮ ᠲᠠᠷᠢᠵᠤ ᠤᠷᠭᠤᠭᠤᠯᠬᠤ ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ ᠠᠵᠢᠯᠯᠠᠬᠤ ᠦᠷᠳᠡᠭᠡ ᠫᠠᠶᠢᠰᠠ ᠰᠡᠬᠦᠨ ᠪᠠᠶᠢᠭᠤᠯᠤᠭᠳᠠᠯ᠎ᠠ᠃ ᠡᠨᠡ ᠨᠢ ᠲᠤᠰ ᠰᠢᠶᠠᠨ ᠤ ᠦᠵᠦᠮ ᠤᠨ ᠠᠵᠤ ᠦᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠳᠠᠪᠰᠢᠬᠰᠠᠨ ᠢ ᠬᠠᠷᠠᠭᠤᠯᠤᠨ᠎ᠠ᠃      ᠲᠣᠭᠲᠠᠬᠤ ᠰᠢᠶᠠᠨ 200 ᠭᠠᠷᠤᠢ ᠵᠢᠯ ᠤᠨ ᠦᠵᠦᠮ ᠲᠠᠷᠢᠵᠤ ᠤᠷᠭᠤᠭᠤᠯᠤᠬᠰᠠᠨ ᠲᠡᠦᠬᠡ ᠲᠠᠢ ᠶᠤᠮ᠃ ᠤᠳᠤ ᠲᠤᠰ ᠰᠢᠶᠠᠨ ᠳᠤ 5200 ᠭᠠᠷᠤᠢ ᠮᠦ ᠶᠢᠨ ᠦᠵᠦᠮ ᠲᠠᠷᠢᠵᠤ ᠤᠷᠭᠤᠭᠤᠯᠬᠤ ᠰᠠᠭᠤᠷᠢᠨ ᠲᠠᠢ ᠪᠠᠶᠢᠵᠤ᠂ ᠭᠦᠭᠡᠬᠤᠳᠠ ᠶᠢᠨ ᠵᠠᠳᠠᠭᠠᠢ ᠪᠠᠷ ᠲᠠᠷᠢᠬᠤ ᠦᠵᠦᠮ ᠤᠨ ᠲᠠᠯᠠᠪᠠᠢ ᠶᠢᠨ 74.2% ᠢ ᠡᠵᠡᠯᠡᠨ᠂ ᠵᠢᠯ ᠳᠤ ᠲᠦᠮᠡ ᠭᠠᠷᠤᠢ ᠳᠤᠨ ᠦᠵᠦᠮ ᠬᠤᠷᠢᠶᠠᠵᠤ᠂ 1.24 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ ᠡᠭᠦᠳᠴᠦ ᠪᠤᠢ᠃      ᠲᠣᠭᠲᠠᠬᠤ ᠰᠢᠶᠠᠨ ᠤ ᠥᠷᠨᠢᠭᠦᠨ ᠬᠥᠭᠵᠢᠭᠰᠡᠨ ᠦᠵᠦᠮ ᠲᠠᠷᠢᠵᠤ ᠤᠷᠭᠤᠭᠤᠯᠬᠤ ᠦᠢᠯᠡᠰ ᠤᠨ ᠠᠷᠤ ᠳᠤ ᠪᠠᠰᠠ ᠲᠦᠷᠦᠯ ᠵᠦᠢᠯ ᠨᠢ ᠳᠠᠩ ᠴᠤᠯᠭᠤᠢ᠂ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠭᠡᠳᠦ ᠲᠥᠪᠯᠡᠷᠡᠩᠭᠦᠢ ᠵᠡᠷᠭᠡ ᠪᠠᠶᠢᠳᠠᠯ ᠣᠷᠣᠰᠢᠵᠤ᠂ ᠦᠵᠦᠮ ᠤᠨ ᠲᠠᠷᠢᠶᠠᠴᠢᠳ ᠤᠨ ᠤᠷᠤᠯᠭ᠎ᠠ ᠶᠢ ᠨᠥᠯᠥᠭᠡᠯᠡᠵᠦ ᠪᠤᠢ᠃ ᠡᠨᠡ ᠬᠦ ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠬᠦ ᠶᠢᠨ ᠲᠥᠯᠥᠭᠡ᠂  ᠲᠤᠰ ᠰᠢᠶᠠᠨ ᠦᠵᠦᠮ ᠲᠠᠷᠢᠵᠤ ᠤᠷᠭᠤᠭᠤᠯᠬᠤ ᠰᠢᠨᠵᠢᠯᠡᠬᠦ ᠤᠬᠠᠭᠠᠨᠲᠠᠨ ︵ᠲᠤᠰᠬᠠᠢ ᠮᠡᠷᠭᠡᠵᠢᠯᠲᠡᠨ︶ ᠤ ᠠᠵᠢᠯᠯᠠᠬᠤ ᠦᠷᠳᠡᠭᠡ ᠳᠡᠭᠡᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠳᠠ ᠶᠢᠨ ᠬᠤᠶᠠᠳᠤᠭᠠᠷ ᠳᠡᠰ  ᠤᠨ ᠱᠠᠩᠨᠠᠯ ᠭᠥᠷᠳᠡᠭᠰᠡᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠸᠠᠩ ᠱᠢ ᠫᠢᠩ ᠫᠷᠤᠹᠧᠰᠰᠤᠷ ᠵᠡᠷᠭᠡ ᠦᠵᠦᠮ ᠠᠷᠠᠴᠢᠯᠠᠨ ᠵᠠᠶᠢᠯᠠᠬᠤ ᠲᠤᠰᠬᠠᠢ ᠮᠡᠷᠭᠡᠵᠢᠯᠲᠡᠨ ᠢ ᠤᠷᠢᠵᠤ ᠠᠵᠢᠯᠯᠠᠭᠤᠯᠤᠭᠰᠠᠨ ᠪᠠᠶᠢᠨ᠎ᠠ᠃      ︽ᠠᠵᠢᠯᠯᠠᠬᠤ ᠦᠷᠳᠡᠭᠡ ᠨᠢ ᠨᠤᠲᠤᠭ ᠤᠨ ᠲᠠᠷᠢᠶᠠᠴᠢᠳ ᠲᠠᠭᠠᠨ ᠨᠢᠭᠡᠨ ᠢᠵᠢ ᠪᠦᠭᠦ ᠲᠠᠯ᠎ᠠ ᠶᠢ ᠬᠠᠮᠤᠷᠤᠭᠰᠠᠨ ᠦᠵᠦᠮ ᠲᠠᠷᠢᠵᠤ ᠤᠷᠭᠤᠭᠤᠯᠬᠤ ᠲᠥᠰᠥᠯ ᠢ ᠲᠣᠭᠲᠠᠭᠠᠵᠤ ᠥᠭᠬᠦ ᠪᠠᠷ ᠴᠢᠷᠮᠠᠶᠢᠨ᠎ᠠ᠃ ᠣᠷᠣᠨ ᠨᠤᠲᠤᠭ ᠤᠨ ᠢᠶᠠᠨ ᠠᠭᠤᠷ ᠠᠮᠢᠰᠬᠤᠯ ᠪᠠ ᠬᠥᠷᠥᠰᠥ ᠰᠢᠷᠣᠢ ᠶᠢᠨ ᠨᠥᠬᠦᠴᠡᠯ ᠳᠤ ᠨᠡᠩ ᠢᠯᠡᠭᠦᠦ ᠲᠣᠬᠢᠷᠠᠬᠤ ᠰᠢᠨ᠎ᠡ ᠡᠭᠦᠯᠳᠡᠷ ᠤᠨ ᠦᠵᠦᠮ ᠢ ᠣᠷᠣᠭᠤᠯᠤᠨ ᠠᠪᠴᠢᠷᠠᠬᠤ ᠪᠤᠶᠤ ᠪᠣᠶᠢᠵᠢᠭᠤᠯᠵᠤ᠂ ᠬᠥᠷᠥᠰᠥ ᠰᠢᠷᠣᠢ ᠶᠢᠨ ᠬᠠᠮᠢᠶᠠᠷᠤᠯᠲᠠ᠂ ᠵᠣᠬᠢᠷᠠᠮᠵᠢᠲᠠᠢ ᠦᠵᠦᠮ ᠤᠨ ᠰᠥᠷᠦ ᠶᠢᠨ ᠲᠥᠰᠥᠪᠯᠡᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠦᠲᠦᠮᠵᠢᠳᠠᠢ ᠠᠷᠭ᠎ᠠ ᠬᠡᠮᠵᠢᠶ᠎ᠡ ᠵᠢᠴᠢ ᠨᠠᠷᠢᠯᠢᠭ ᠤᠨᠤᠪᠴᠢᠳᠠᠢ ᠪᠠᠷ ᠤᠰᠤᠯᠠᠵᠤ ᠪᠣᠷᠳᠣᠭᠤᠷ ᠤᠷᠤᠭᠤᠯᠬᠤ ᠮᠡᠷᠭᠡᠵᠢᠯ ᠢ ᠠᠭᠤᠰᠤᠯᠴᠠᠭᠤᠯᠤᠨ᠂ ᠦᠵᠦᠮ ᠤᠨ ᠴᠢᠨᠠᠷ ᠬᠢᠭᠡᠳ ᠭᠠᠷᠤᠯᠲᠠ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠨ᠎ᠠ᠃ ᠡᠭᠦᠨ ᠠᠴᠠ ᠭᠠᠳᠠᠨ᠎ᠠ ︿ᠦᠵᠦᠮ ᠲᠠᠷᠢᠵᠤ ᠤᠷᠭᠤᠭᠤᠯᠬᠤ + ᠬᠥᠳᠡᠭᠡ ᠲᠤᠰᠬᠤᠨ ᠤ ᠵᠢᠭᠤᠯᠴᠢᠯᠠᠯ﹀ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠠᠵᠤ ᠠᠬᠤᠢ  ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠣᠷᠴᠢᠨ ᠲᠣᠭᠤᠷᠢᠨ ᠤ ᠦᠷ᠎ᠡ ᠠᠰᠢᠭ ᠤᠨ ᠡᠶ᠎ᠡ ᠵᠣᠬᠢᠴᠠᠩᠭᠤᠢ ᠨᠢᠭᠡᠳᠦᠯᠲᠡᠢ ᠪᠠᠶᠢᠬᠤ ᠶᠢ ᠪᠡᠶᠡᠯᠡᠭᠦᠯᠬᠦ  ᠪᠠᠷ ᠴᠢᠷᠮᠠᠶᠢᠨ᠎ᠠ︾ ᠭᠡᠵᠦ ᠸᠠᠩ ᠱᠢ ᠫᠢᠩ ᠫᠷᠤᠹᠧᠰᠰᠤᠷ ᠢᠯᠡᠷᠬᠡᠶᠢᠯᠡᠵᠦ ᠪᠠᠶᠢᠯ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ