12 ᠳ᠋ᠤᠭᠠᠷ ᠰᠠᠷ᠎ᠠ ᠶᠢᠨ 3 ᠤ ᠡᠳᠦᠷ᠂ ᠢᠦᠶ ᠴᠢᠤᠸᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠢᠦᠶ ᠴᠢᠤᠸᠠᠨ ᠲᠣᠭᠤᠷᠢᠭ ᠤᠨ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠵᠢᠭᠤᠯᠴᠢᠯᠠᠯ ᠤᠨ ᠨᠡᠶᠢᠭᠡᠮᠯᠢᠭ ᠤᠨ | ᠬᠠᠮᠵᠢᠯᠴᠠᠨ ᠡᠷᠭᠢᠯᠡᠭᠰᠡᠨ ︽︿ᠠᠷᠪᠠᠨ ᠳᠥᠷᠪᠡᠳᠦᠭᠡᠷ ᠲᠠᠪᠤᠨ ᠵᠢᠯ﹀ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ 2024 | ᠣᠨ ᠤ ᠢᠦᠶ ᠴᠢᠤᠸᠠᠨ ᠲᠣᠭᠤᠷᠢᠭ ᠤᠨ ᠲᠠᠶᠢᠯᠪᠤᠷᠢᠯᠠᠭᠴᠢ ᠶᠢᠨ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ | ᠰᠢᠢᠳᠪᠦᠷᠢᠲᠦ ᠤᠷᠤᠯᠳᠤᠭᠠᠨ ᠠᠮᠵᠢᠯᠲᠠ ᠲᠠᠢ ᠡᠷᠭᠢᠯᠡᠪᠡ᠃ | | | | | | | | | ᠲᠣᠰ ᠤᠳᠠᠭᠠᠨ ᠤ ᠤᠷᠤᠯᠳᠤᠭᠠᠨ ᠨᠢ ︽ᠬᠥᠬᠡᠬᠤᠲᠠ ᠶᠢᠨ ᠥᠯᠢᠭᠡᠷ ᠢ ᠰᠠᠶᠢᠲᠤᠷ ᠶᠠᠷᠢᠵᠤ ᠤᠮᠠᠷᠠᠲᠤ ᠬᠢᠯᠢ ᠶᠢᠨ ᠰᠤᠶᠤᠯ ᠢ ᠤᠯᠠᠮᠵᠢᠯᠠᠨ | ᠪᠠᠳᠠᠷᠠᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠤᠯ ᠰᠡᠳᠦᠪ ᠪᠣᠯᠭᠠᠵᠤ᠂ | ᠤᠷᠤᠯᠳᠤᠭᠠᠨ ᠢ ᠪᠡᠯᠡᠳᠬᠡᠯ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠬᠦ ᠬᠤᠶᠠᠷ ᠱᠠᠲᠤ ᠬᠤᠪᠢᠶᠠᠵᠤ᠂ ᠪᠥᠬᠦ ᠬᠤᠲᠠ ᠶᠢᠨ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠦᠶ ᠣᠯᠠᠨ ᠰᠢᠯᠢᠳᠡᠭ ᠲᠠᠶᠢᠯᠪᠤᠷᠢᠯᠠᠭᠴᠢ ᠶᠢ ᠲᠠᠲᠠᠵᠤ ᠤᠷᠤᠯᠳᠤᠭᠠᠨ ᠳᠤ ᠣᠷᠣᠯᠴᠠᠭᠤᠯᠪᠠ᠃ | | | | | | | | | ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠨᠡᠶᠢᠳᠡ 18 ᠣᠷᠣᠯᠴᠠᠭᠴᠢ ᠳᠡᠰ ᠳᠠᠷᠠᠭ᠎ᠠ ᠲᠠᠢ ᠪᠠᠷ ᠲᠠᠯᠠᠪᠠᠢ ᠳᠤ ᠭᠠᠷᠴᠤ᠂ ᠲᠡᠳᠡ | ᠬᠤᠳᠠ ᠶᠢᠨ ᠳᠣᠲᠣᠷᠠᠬᠢ ᠰᠣᠶᠣᠯ ᠵᠢᠭᠤᠯᠴᠢᠯᠠᠯ ᠤᠨ ᠦᠵᠡᠭᠳᠡᠯ᠂ ᠰᠣᠶᠣᠯ ᠤᠨ ᠦᠵᠡᠰᠬᠦᠯᠡᠩ ᠤᠨ ᠲᠠᠯᠠᠪᠠᠢ ᠣᠷᠳᠣᠨ᠂ ᠤᠨᠴᠠᠯᠢᠬᠳᠤ ᠠᠮᠲᠠᠲᠤ ᠢᠳᠡᠭᠡᠨ᠂ | ᠭᠠᠵᠠᠷ ᠤᠨ ᠲᠡᠮᠳᠡᠭ ᠤᠨ ᠴᠢᠨᠠᠷᠲᠠᠢ ᠪᠠᠷᠢᠯᠭ᠎ᠠ᠂ ᠬᠤᠪᠢᠰᠬᠠᠯ ᠤᠨ ᠲᠡᠦᠬᠡ ᠶᠢᠨ ᠳᠤᠷᠠᠰᠬᠠᠯ ᠤᠨ ᠣᠷᠳᠣᠨ᠂ ᠦᠵᠡᠮᠵᠢ ᠶᠢᠨ ᠣᠷᠣᠨ᠂ ᠰᠣᠶᠣᠯ ᠤᠨ ᠣᠷᠳᠣᠨ᠂ | ᠤᠨᠴᠠᠯᠢᠬᠳᠤ ᠵᠡᠭᠡᠯᠢ ᠲᠣᠭᠤᠷᠢᠭ ᠵᠡᠷᠭᠡ ᠪᠠᠷ ᠪᠣᠷᠣ ᠮᠠᠲ᠋ᠧᠷᠢᠶᠠᠯ ᠪᠣᠯᠭᠠᠵᠤ᠂ ᠬᠥᠬᠡᠬᠤᠲᠠ ᠶᠢᠨ ᠡᠨᠡᠬᠦ ᠪᠦᠬᠦ ᠤᠯᠤᠰ ᠤᠨ ᠲᠡᠦᠬᠡ ᠰᠣᠶᠣᠯ ᠤᠨ ᠨᠡᠷᠡᠳᠦ | ᠬᠤᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠲᠡᠨ ᠤ ᠦᠯᠡᠳᠡᠭᠳᠡᠯ᠂ ᠲᠡᠦᠬᠡ ᠰᠣᠶᠣᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠵᠡᠷᠭᠡ ᠮᠡᠳᠡᠯᠭᠡ ᠶᠢ | ᠲᠠᠶᠢᠯᠪᠤᠷᠢᠯᠠᠵᠤ᠂ ᠬᠥᠬᠡᠬᠤᠲᠠ ᠶᠢᠨ ᠲᠠᠶᠢᠯᠪᠤᠷᠢᠯᠠᠭᠴᠢ ᠶᠢᠨ ᠲᠤᠰᠬᠠᠢ ᠮᠡᠷᠭᠡᠵᠢᠯ ᠤᠨ ᠮᠡᠳᠡᠯᠭᠡ ᠶᠢᠨ ᠬᠡᠪ ᠪᠣᠯᠪᠠᠰᠤᠷᠠᠯ᠂ ᠨᠠᠷᠢᠯᠢᠭ ᠲᠠᠶᠢᠯᠪᠤᠷᠢᠯᠠᠬᠤ ᠤᠷ᠎ᠠ | ᠮᠡᠷᠭᠡᠵᠢᠯ ᠪᠣᠯᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ | | | | | | | | | | | ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠢᠵᠢᠭ ᠰᠣᠶᠣᠯ ᠵᠢᠭᠤᠯᠴᠢᠯᠠᠯ ᠤᠨ ᠲᠠᠶᠢᠯᠪᠤᠷᠢᠯᠠᠭᠴᠢ ᠪᠠᠰᠠ ᠣᠯᠠᠨ ᠳᠤ ᠭᠤᠶᠢᠳᠠ ᠰᠠᠶᠢᠬᠠᠨ | ᠲᠣᠭᠯᠠᠯᠲᠠ ᠭᠠᠷᠭᠠᠵᠤ ᠥᠭᠴᠡᠶ᠂ ᠲᠡᠳᠡᠨ ᠤ ᠬᠤᠭᠤᠯᠠᠶ ᠨᠢ ᠬᠡᠳᠦ᠋ᠢᠪᠡᠷ ᠨᠢᠯᠬᠠᠰᠠᠭ ᠪᠣᠯᠪᠠᠴᠤ ᠳᠦᠷᠰᠦᠯᠡᠨ ᠶᠠᠷᠢᠬᠤ ᠪᠠ ᠢᠲᠡᠭᠡᠯ ᠲᠠᠢ ᠲᠤᠬᠠᠶ ᠶᠢᠨ | ᠲᠠᠯᠠᠪᠤᠷ ᠤᠨ ᠢᠯᠡᠷᠡᠯ ᠳᠡᠭᠡᠨ ᠲᠦᠰᠢᠭᠯᠡᠨ᠂ ᠦᠵᠡᠭᠴᠢᠳ ᠤᠨ ᠰᠡᠳᠬᠢᠯ ᠢ ᠳᠣᠭᠳᠣᠯᠤᠭᠤᠯᠵᠠᠢ᠃ | | | | | | | | | ᠰᠢᠯᠭᠠᠷᠠᠭᠤᠯᠬᠤ ᠵᠦᠪᠯᠡᠯ ᠤᠨ ᠭᠡᠰᠢᠭᠦᠳ ᠤᠷᠤᠯᠴᠠᠭᠰᠠᠳ ᠤᠨ ᠲᠠᠶᠢᠯᠪᠤᠷᠢᠯᠠᠬᠤ ᠠᠭᠤᠯᠭ᠎ᠠ᠂ ᠲᠠᠶᠢᠯᠪᠤᠷᠢᠯᠠᠬᠤ ᠤᠷ᠎ᠠ ᠮᠡᠷᠭᠡᠵᠢᠯ᠂ ᠳᠦᠷᠢ ᠲᠥᠷᠬᠦ | ᠵᠡᠷᠭᠡ ᠲᠠᠯ᠎ᠠ ᠪᠠᠷ ᠶᠡᠷᠦᠩᠬᠡᠢ ᠬᠤᠪᠢ ᠲᠣᠭᠲᠠᠭᠠᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠬᠠᠮᠤᠭ ᠡᠴᠦᠰ ᠲᠤ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ 6 ᠪᠠ ᠰᠢᠯᠢᠳᠡᠭ ᠱᠠᠩᠨᠠᠯ ᠡᠳᠦᠶ ᠲᠡᠳᠦᠶ ᠰᠢᠯᠭᠠᠷᠠᠭᠤᠯᠪᠠ᠃ | | | | | | | | | ᠢᠦᠢ ᠴᠢᠤᠸᠠᠨ ᠲᠣᠭᠤᠷᠢᠭ ᠤᠨ ᠬᠢᠨ ᠲᠤᠰ ᠤᠳᠠᠭ᠎ᠠ ᠶᠢᠨ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠢ ᠤᠯᠠᠮᠵᠢᠯᠠᠨ ᠵᠠᠯᠭᠠᠮᠵᠢᠯᠠᠬᠤ | ᠴᠢᠬᠤᠯᠠ ᠶᠡᠭᠡ ᠬᠠᠷᠢᠭᠤᠴᠠᠯᠭ᠎ᠠ ᠪᠣᠯᠤᠨ ᠡᠷᠬᠢᠮ ᠳᠡᠭᠡᠳᠦ ᠡᠭᠦᠷᠭᠡ ᠶᠢ ᠡᠭᠦᠷᠭᠡᠯᠡᠵᠦ᠂ ᠨᠡᠩ ᠤᠯᠠᠨ ᠲᠠᠶᠢᠯᠪᠤᠷᠢᠯᠠᠭᠴᠢ ᠶᠢᠨ ᠪᠣᠯᠪᠠᠰᠤᠷᠠᠯ ᠤᠨ ᠠᠵᠢᠯ ᠢ | ᠢᠳᠡᠪᠬᠢᠲᠡᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠢᠴᠢᠬᠠᠨ ᠡᠯᠴᠢ ᠨᠠᠷ ᠢ ᠦᠷᠭᠦᠯᠵᠢᠯᠡᠨ ᠪᠤᠶᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠠᠶᠢᠭᠠᠳ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ︽ᠰᠤᠶᠤᠯ ᠢ ᠳᠡᠭᠡᠳᠦᠯᠡᠬᠦ ᠢᠦᠢ ᠴᠢᠤᠸᠠᠨ︾ ᠭᠡᠬᠦ ᠦᠵᠡᠰᠬᠦᠯᠡᠩᠲᠦ ᠰᠠᠶᠢᠬᠠᠨ | ᠬᠠᠭᠤᠳᠠᠰᠤ ᠶᠢ ᠪᠢᠴᠢᠭᠯᠡᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠭᠠᠯ ᠪᠠᠮᠪᠠᠷ ᠢ ︽ᠪᠤᠶᠠᠨᠲᠤ ᠢᠦᠢ ᠴᠢᠤᠸᠠᠨ︾ ᠳᠤ ᠳᠦᠷᠡᠯᠵᠡᠭᠦᠯᠵᠦ᠂ ᠡᠭᠦᠷᠢᠳᠡ | ᠤᠨᠲᠠᠷᠠᠬᠤ ᠦᠭᠡᠢ ᠪᠣᠯᠭᠠᠨ᠎ᠠ᠃ | | | | | | | ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ | | | | | |