ᠾᠧ ᠬᠠᠶ ᠳ᠋ᠦᠩ ᠲᠣᠭᠲᠠᠬᠤ ᠰᠢᠶᠠᠨ ᠤ ᠬᠡᠰᠡᠭ ᠤᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/12/6
      ︵ᠰᠤᠷᠪᠤᠯᠵᠢᠯᠠᠭᠴᠢ ᠯᠢᠶᠠᠩ ᠵᠢᠩ ᠱᠥ︶ 12 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠣᠭᠲᠠᠬᠤ ᠰᠢᠶᠠᠨ ᠤ ᠬᠡᠰᠡᠭ ᠤᠨ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃      ᠬᠠᠲᠤᠨ ᠭᠤᠣᠯ ᠤᠨ ᠲᠣᠭᠲᠠᠬᠤ ᠰᠢᠶᠠᠨ ᠤ ᠱᠢ ᠰᠧ ᠹᠧᠨ ᠽᠢ ᠲᠣᠰᠬᠤᠨ ᠤ ᠦᠶᠡᠷ ᠢ ᠰᠡᠷᠭᠡᠶᠢᠯᠡᠬᠦ ᠪᠠᠷᠢᠯᠭ᠎ᠠ ᠶᠢᠨ ᠭᠠᠵᠠᠷ ᠲᠤ᠂ ᠾᠧ ᠬᠠᠢ ᠳ᠋ᠦᠩ ᠤᠰᠤᠨ ᠤ ᠪᠠᠶᠢᠳᠠᠯ᠂ ᠰᠦᠩ ᠬᠠᠯᠢᠶ᠎ᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠰᠦᠩ ᠬᠠᠯᠢᠶ᠎ᠠ ᠶᠢ ᠰᠡᠷᠭᠡᠶᠢᠯᠡᠬᠦ ᠠᠷᠭ᠎ᠠ ᠬᠡᠮᠵᠢᠶ᠎ᠡ᠂ ᠦᠨᠳᠦᠰᠦᠨ ᠱᠠᠲᠤᠨ ᠤ ᠵᠢᠵᠢᠭᠦᠷᠯᠡᠨ ᠰᠠᠬᠢᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠾᠧ ᠬᠠᠢ ᠳ᠋ᠦᠩ ᠬᠡᠯᠡᠬᠦ ᠳᠡᠭᠡᠨ᠂ ᠣᠳᠣᠬᠠᠨ ᠳᠤ᠂ ᠠᠭᠤᠷ ᠠᠮᠢᠰᠬᠤᠯ ᠤᠨ ᠬᠤᠪᠢᠷᠠᠯᠲᠠ ᠶᠡᠭᠡ᠂ ᠲᠦᠢᠯ ᠤᠨ ᠴᠠᠭ ᠠᠭᠤᠷ ᠤᠨ ᠠᠰᠠᠭᠤᠳᠠᠯ ᠨᠡᠮᠡᠭᠳᠡᠬᠦ ᠬᠠᠨᠳᠤᠰᠢ ᠲᠠᠢ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠤ ᠰᠠᠯᠠᠭ᠎ᠠ ᠮᠥᠴᠢᠷ ᠤᠳ ᠴᠠᠭ ᠠᠭᠤᠷ᠂ ᠤᠰᠤᠨ ᠤ ᠪᠠᠶᠢᠳᠠᠯ᠂ ᠰᠦᠩ ᠬᠠᠯᠢᠶ᠎ᠠ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠨ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠪᠠᠨ ᠴᠢᠩᠭᠠᠷᠠᠭᠤᠯᠵᠤ᠂ ᠰᠦᠩ ᠬᠠᠯᠢᠶ᠎ᠠ ᠶᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯ ᠠᠴᠠ ᠠᠪᠤᠷᠠᠬᠤ ᠬᠦᠴᠦᠨ᠂ ᠡᠳ᠋ ᠪᠣᠳᠠᠰ ᠪᠠ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠵᠤ᠂ ᠰᠡᠷᠭᠡᠶᠢᠯᠡᠨ ᠠᠷᠭᠠᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠨᠠᠷᠢᠯᠢᠬᠵᠢᠭᠤᠯᠵᠤ᠂ ᠬᠠᠮᠵᠢᠯᠴᠠᠬᠤ ᠪᠠᠨ ᠴᠢᠩᠭᠠᠳᠬᠠᠵᠤ᠂ ᠬᠠᠳᠤᠨ ᠭᠤᠣᠯ ᠤᠨ ᠰᠦᠩ ᠬᠠᠯᠢᠶ᠎ᠠ ᠶᠢᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠬᠠᠳᠤᠨ ᠭᠤᠣᠯ ᠤᠨ ᠰᠦᠩ ᠬᠠᠯᠢᠶ᠎ᠠ ᠶᠢ ᠰᠣᠨᠢᠷᠬᠠᠬᠤ ᠪᠠᠷ ᠭᠤᠣᠯ ᠰᠡᠳᠦᠪ ᠪᠣᠯᠭᠠᠭᠰᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠦᠪᠡᠭᠴᠢᠯᠡᠨ᠂ ᠵᠤᠭᠠᠴᠠᠭᠰᠠᠳ ᠤᠨ ᠵᠢᠭᠤᠯᠴᠢᠯᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠬᠡᠷᠡᠭᠲᠡᠢ ᠭᠡᠪᠡ᠃      ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ