ᠣᠶᠢᠷ᠎ᠠ ᠶᠢᠨ ᠡᠳᠦᠷ᠂ ᠰᠤᠷᠪᠤᠯᠵᠢᠯᠠᠬᠴᠢ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠰᠠᠭ ᠵᠠᠬᠢᠷᠭᠠᠨ ᠤ ᠵᠦᠢᠯᠡᠰ ᠢ ᠬᠢᠨᠠᠨ | ᠵᠥᠪᠰᠢᠶᠡᠷᠡᠬᠦ ᠲᠥᠪ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠭᠦᠭᠡᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠮᠠᠰᠢᠨ | ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠨᠢ ᠪᠠᠭ᠎ᠠ ᠭᠡᠯᠪᠡᠷᠢ ᠶᠢᠨ ᠮᠠᠰᠢᠨ ᠲᠡᠷᠭᠡ ᠪᠠ ᠪᠠᠭ᠎ᠠ ᠭᠡᠯᠪᠡᠷᠢ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠫᠠᠶᠢᠰᠠ ᠬᠢᠯᠭᠡᠬᠦ ᠳᠤ ᠪᠠᠷᠢᠨ ᠭᠦᠢᠴᠡᠳᠬᠡᠬᠦ ᠶᠢ ᠪᠡᠶᠡᠯᠡᠭᠦᠯᠪᠡ᠃ | ᠡᠨᠡ ᠵᠢᠯ ᠠᠴᠠ ᠠᠷᠠᠳ ᠲᠤ ᠲᠦᠭᠦᠮ ᠦᠵᠡᠭᠦᠯᠦᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠨᠠᠶᠢᠳᠠᠪᠤᠷᠢᠵᠢᠭᠤᠯᠤᠨ᠂ ᠤᠯᠠᠨ ᠲᠦᠮᠡᠨ ᠤ ᠮᠠᠰᠢᠨ ᠲᠡᠷᠭᠡᠨ ᠤ ᠵᠢᠯᠣᠭᠤᠴᠢ ᠶᠢᠨ ᠲᠤᠬᠠᠶᠢᠯᠠᠭᠰᠠᠨ ᠠᠵᠢᠯ ᠢ ᠬᠢᠬᠦ ᠳᠤ ᠲᠦᠭᠦᠮ ᠦᠵᠡᠭᠦᠯᠭᠦ ᠶᠢᠨ ᠲᠥᠯᠥᠭᠡ᠂ | ᠭᠦᠭᠡᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠨᠢ ᠳᠣᠲᠣᠭᠠᠳᠤ ᠶᠢ | ᠬᠠᠮᠠᠭᠠᠯᠠᠬᠤ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠢ | ᠬᠦᠯᠢᠶᠡᠬᠦ ᠲᠣᠭᠤᠷᠢᠭ᠂ ᠪᠠᠶᠢᠴᠠᠭᠠᠨ ᠰᠢᠯᠭᠠᠬᠤ ᠲᠣᠭᠤᠷᠢᠭ᠂ ᠭᠥᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠫᠠᠶᠢᠰᠠ ᠦᠢᠯᠡᠳᠴᠦ ᠠᠪᠬᠤ ᠲᠣᠭᠤᠷᠢᠭ ᠵᠡᠷᠭᠡ | ᠤᠯᠠᠨ ᠴᠢᠳᠠᠮᠵᠢ ᠶᠢᠨ ᠣᠷᠣᠨ ᠬᠡᠰᠡᠭ ᠪᠣᠯᠭᠠᠨ ᠬᠤᠪᠢᠶᠠᠵᠤ᠂ ᠵᠡᠷᠭᠡ ᠪᠠᠷ PDA ᠦᠵᠦᠭᠦᠷᠯᠢᠭ ᠪᠠ OBD ᠪᠠᠶᠢᠴᠠᠭᠠᠨ ᠰᠢᠯᠭᠠᠬᠤ ᠰᠢᠰᠲ᠋ᠧᠮ ᠢ | ᠨᠢᠭᠡᠳᠦᠯᠲᠡᠢ ᠬᠡᠷᠡᠭᠯᠡᠵᠡᠢ᠃ ᠣᠳᠣᠬᠠᠨ ᠳᠤ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠨᠢ ᠨᠢᠭᠡᠨᠲᠡ ᠤᠯᠤᠰ ᠲᠠᠭᠠᠨ ᠦᠢᠯᠡᠳᠪᠦᠷᠢᠯᠡᠭᠰᠡᠨ ᠮᠠᠰᠢᠨ | ᠲᠡᠷᠭᠡ ᠪᠠ ᠭᠠᠳᠠᠭᠠᠳᠤ ᠠᠴᠠ ᠣᠷᠣᠭᠤᠯᠤᠭᠰᠠᠨ ᠮᠠᠰᠢᠨ ᠲᠡᠷᠭᠡ ᠶᠢ ᠳᠠᠩᠰᠠᠯᠠᠭᠤᠯᠬᠤ᠂ ᠬᠤᠪᠢᠷᠠᠭᠤᠯᠬᠤ᠂ ᠰᠢᠯᠵᠢᠭᠦᠯᠬᠦ ᠵᠡᠷᠭᠡ ᠲᠤᠬᠠᠶᠢᠯᠠᠭᠰᠠᠨ ᠠᠵᠢᠯ ᠢ | ᠪᠡᠶᠡᠯᠡᠭᠦᠯᠵᠡᠢ᠃ | ᠣᠶᠢᠯᠠᠭᠠᠭᠰᠠᠨ ᠢᠶᠠᠷ᠂ ᠭᠦᠭᠡᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠨᠢ | 2021 ᠣᠨ ᠳᠤ ᠭᠦᠭᠡᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠣᠷᠣᠵᠤ᠂ ᠭᠤᠣᠯᠳᠠᠭᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠡᠯ᠎ᠡ ᠵᠦᠢᠯ ᠤᠨ ᠮᠠᠰᠢᠨ ᠲᠡᠷᠭᠡᠨ ᠤ ᠲᠤᠬᠠᠶᠢᠯᠠᠭᠰᠠᠨ ᠠᠵᠢᠯ ᠢ ᠳᠠᠭᠠᠭᠠᠴᠢᠯᠠᠨ ᠰᠢᠢᠳᠪᠦᠷᠢᠯᠡᠳᠡᠭ᠃ 10 ᠰᠠᠷ᠎ᠠ ᠪᠤᠯᠳᠠᠯ᠎ᠠ ᠭᠦᠭᠡᠬᠤᠳᠠ | ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠤᠨ ᠮᠠᠰᠢᠨ ᠲᠡᠷᠭᠡ ᠶᠢ ᠪᠠᠶᠢᠴᠠᠭᠠᠨ ᠰᠢᠯᠭᠠᠬᠤ ᠲᠣᠭᠤᠷᠢᠭ ᠨᠢ ᠨᠢᠭᠡᠨᠲᠡ ᠡᠯ᠎ᠡ ᠵᠦᠢᠯ ᠤᠨ ᠮᠠᠰᠢᠨ | ᠲᠡᠷᠭᠡᠨ ᠤ ᠲᠤᠬᠠᠶᠢᠯᠠᠭᠰᠠᠨ ᠠᠵᠢᠯ ᠢ ᠲᠦᠮᠡ ᠭᠠᠷᠤᠢ ᠬᠤᠪᠢ ᠭᠥᠯᠢᠶᠡᠨ ᠠᠪᠴᠤ ᠰᠢᠢᠳᠪᠦᠷᠢᠯᠡᠵᠡᠢ᠃ | |