ᠭᠦᠭᠡᠬᠤᠲᠠ ︽ᠵᠢᠷᠭᠤᠭᠠᠨ ᠶᠡᠭᠡ ᠰᠢᠰᠲ᠋ᠧᠮ︾ ᠪᠠᠶᠢᠭᠤᠯᠵᠤ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/12/6
      ᠦᠨᠳᠦᠰᠦᠨ ᠱᠠᠲᠤ ᠪᠣᠯ ᠤᠯᠤᠰ ᠤᠨ ᠵᠠᠰᠠᠯᠲᠠ ᠶᠢᠨ ᠬᠠᠮᠤᠭ ᠤᠨ ᠡᠴᠦᠰ ᠤᠨ ᠭᠤᠭᠴᠤᠭ᠎ᠠ᠂ ᠤᠯᠠᠨ ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠃ ᠭᠦᠭᠡᠬᠤᠲᠠ ᠶᠢᠨ ᠬᠢᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠤᠳᠠ ᠶᠢᠨ ᠪᠠᠶᠢᠳᠠᠯ ᠳᠠᠭᠠᠨ ᠰᠠᠭᠤᠷᠢᠯᠠᠨ᠂  ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂︽ᠳᠦᠷᠢᠮ᠂ ᠵᠣᠬᠢᠶᠠᠨ ᠪᠠᠶᠢᠭᠤᠯᠤᠯᠲᠠ᠂ ᠪᠠᠲᠤᠯᠠᠭ᠎ᠠ᠂ ᠠᠵᠢᠯᠯᠠᠭ᠎ᠠ᠂ ᠦᠢᠯᠡᠴᠢᠯᠡᠭᠡ᠂ ᠡᠩᠨᠡᠭᠡ︾ᠵᠢᠷᠭᠤᠭᠠᠨ ᠶᠡᠭᠡ ᠰᠢᠰᠲ᠋ᠧᠮ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠪᠦᠷᠢᠯᠳᠦᠭᠦᠯᠪᠡ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠰᠠᠭᠤᠷᠢ ᠪᠤᠯᠭᠠᠵᠤ ᠥᠨᠳᠥᠷ ᠪᠦᠲᠦᠮᠵᠢᠲᠡᠶ ᠳᠦᠷᠢᠮ ᠤᠨ  ᠰᠢᠰᠲ᠋ᠧᠮ ᠢ ᠪᠠᠶᠢᠭᠤᠯᠪᠠ      ᠭᠦᠭᠡᠬᠤᠲᠠ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠶᠢ ᠠᠳᠬᠤᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠠᠭᠤᠷᠠᠢ ᠲᠠᠯ᠎ᠠ ᠶᠢ ᠵᠠᠰᠠᠵᠤ᠂ ᠲᠥᠷᠥ ᠶᠢᠨ ᠪᠣᠳᠣᠯᠭ᠎ᠠ᠂ ᠳᠦᠷᠢᠮ ᠤᠨ ︽ᠬᠠᠮ ᠠᠷᠭ᠎ᠠ ᠬᠡᠮᠵᠢᠶ᠎ᠡ︾ ᠶᠢ ᠬᠡᠷᠡᠭᠵᠢᠭᠦᠯᠪᠡ᠃ 2023 ᠣᠨ ᠳᠤ ︿1 + N﹀ ᠵᠠᠭᠪᠤᠷ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠵᠦ ᠲᠥᠯᠥᠪᠯᠡᠭᠡ ᠬᠢᠪᠡ᠃ ︽1︾ ᠭᠡᠳᠡᠭ ᠨᠢ ︽ᠣᠷᠣᠨ ᠤ ᠲᠥᠪ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠲᠤᠬᠠᠢ ᠬᠡᠷᠡᠭᠵᠢᠭᠦᠯᠬᠦ ᠰᠠᠨᠠᠯ︾ ᠪᠤᠯᠤᠨ᠎ᠠ; ︽N︾ ᠭᠡᠳᠡᠭ ᠨᠢ ︽ᠨᠠᠮ ᠤᠨ ᠪᠠᠶᠢᠭᠤᠯᠤᠯᠲᠠ ᠪᠠᠷ ᠬᠤᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠬᠥᠲᠥᠯᠥᠨ ᠳᠠᠭᠠᠭᠤᠯᠬᠤ ᠶᠢ ᠲᠦᠷᠭᠡᠳᠬᠡᠬᠦ ᠲᠤᠬᠠᠢ ᠠᠵᠢᠯᠯᠠᠭᠠᠨ ᠤ ᠲᠥᠰᠥᠯ︾᠂ ︽ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠮᠢᠶᠠᠷᠤᠯᠲᠠ ᠶᠢᠨ ᠠᠷᠭ᠎ᠠ︾᠂ ︽ᠨᠡᠶᠢᠭᠡᠮ ᠲᠣᠭᠤᠷᠢᠭ ᠤᠨ ᠳᠠᠷᠤᠭᠠᠰᠤ ᠶᠢ ᠬᠥᠩᠭᠡᠷᠡᠭᠦᠯᠵᠦ ᠦᠷ᠎ᠡ ᠠᠰᠢᠭ ᠢ ᠨᠡᠮᠡᠭᠳᠡᠭᠦᠯᠦᠨ ᠴᠢᠳᠠᠪᠤᠷᠢ ᠣᠯᠭᠤᠬᠤ ᠠᠵᠢᠯᠯᠠᠭᠠᠨ ᠤ ᠲᠥᠰᠥᠯ︾ ᠵᠡᠷᠭᠡ ᠬᠠᠮᠢᠶ᠎ᠠ ᠪᠦᠬᠦᠢ ᠢᠵᠢ ᠪᠦᠷᠢᠳᠦᠭᠰᠡᠨ ᠠᠷᠭ᠎ᠠ ᠬᠡᠮᠵᠢᠶ᠎ᠡ ᠪᠣᠯᠣᠨ᠎ᠠ᠃ ︽1 + N︾ ᠳᠦᠷᠢᠮ ᠤᠨ ᠰᠢᠰᠲ᠋ᠧᠮ ᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠬᠤᠲᠠ ᠶᠢᠨ 35 ᠵᠡᠭᠡᠯᠢ ᠭᠤᠳᠤᠮᠵᠢ ᠳᠤ ︽ᠶᠡᠭᠡ ᠠᠵᠢᠯ ᠤᠨ ᠵᠥᠪᠯᠡᠯ︾ ᠢ ᠪᠠᠶᠢᠭᠤᠯᠵᠤ᠂ 433  ᠨᠡᠶᠢᠭᠡᠮ ᠲᠣᠭᠤᠷᠢᠭ ᠲᠤ ︽ᠶᠡᠭᠡ ᠨᠠᠮ ᠤᠨ ᠬᠤᠷᠢᠶ᠎ᠠ︾ ᠶᠢ ᠪᠠᠶᠢᠭᠤᠯᠵᠤ᠂ 3542 ᠠᠯᠪᠠᠨ ᠪᠠᠶᠢᠭᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠪᠦᠷᠢᠯᠳᠦᠭᠦᠨ ᠨᠢᠭᠡᠴᠢ ᠪᠤᠯᠭᠠᠵᠤ᠂ ᠬᠠᠮᠲᠤᠷᠠᠭᠰᠠᠨ ᠬᠤᠷᠠᠯ᠂ ᠲᠣᠭᠲᠠᠭᠰᠠᠨ ᠬᠤᠭᠤᠴᠠᠭ᠎ᠠ ᠲᠠᠢ ᠡᠭᠡᠯᠵᠢᠯᠡᠨ ᠵᠢᠵᠢᠭᠦᠷᠯᠡᠬᠦ ᠵᠡᠷᠭᠡ ᠠᠷᠭ᠎ᠠ ᠭᠡᠯᠪᠡᠷᠢ ᠪᠠᠷ ᠣᠯᠠᠨ ᠵᠦᠢᠯ ᠤᠨ ᠭᠡᠯᠪᠡᠷᠢ ᠶᠢᠨ ᠬᠤᠣᠰ ᠴᠢᠭᠯᠡᠯᠲᠦ ᠦᠢᠯᠡᠴᠢᠯᠡᠭᠡ ᠶᠢ ᠥᠷᠨᠢᠭᠦᠯᠪᠡ; ᠠᠳᠠᠯ ᠠᠬᠤᠢ ᠶᠢᠨ ᠨᠠᠮ ᠤᠨ ᠪᠠᠶᠢᠭᠤᠯᠤᠯᠲᠠ ᠶᠢᠨ ᠬᠤᠯᠪᠤᠭᠠᠯᠠᠨ ᠪᠠᠶᠢᠭᠤᠯᠬᠤ ᠶᠢ ᠭᠦᠨᠵᠡᠭᠡᠶᠢᠷᠡᠭᠦᠯᠬᠦ᠂ ︽ᠬᠤᠪᠢᠰᠬᠠᠯ ᠤᠨ ᠠᠳᠠᠯ ᠠᠬᠤᠢ︾ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡ ᠪᠠᠷ ᠠᠳᠬᠤᠬᠤ᠂ ᠰᠠᠭᠤᠭᠠᠯᠢ ᠲᠣᠭᠤᠷᠢᠭ ᠪᠦᠷᠢ ᠶᠢ ᠠᠳᠠᠯ ᠠᠬᠤᠢ ᠲᠠᠢ ᠪᠤᠯᠭᠠᠬᠤ ︽ᠭᠤᠷᠪᠠᠨ ᠵᠦᠢᠯ ᠤᠨ ᠠᠵᠢᠯᠯᠠᠭ᠎ᠠ︾ ᠶᠢ ᠠᠬᠢᠭᠤᠯᠪᠠ᠃       ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠷ ᠬᠥᠲᠥᠯᠥᠮᠵᠢ ᠪᠤᠯᠭᠠᠵᠤ ᠢᠵᠢ ᠪᠦᠷᠢᠳᠦᠭᠰᠡᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠪᠠ      ︽ᠨᠠᠶᠠ ᠭᠠᠷᠤᠭᠰᠠᠨ ᠨᠠᠰᠤᠲᠠᠨ ᠡᠵᠢ ᠶᠠᠪᠤᠵᠤ ᠰᠠᠭᠤᠬᠤ ᠳᠤ ᠳᠥᠭᠦᠮ ᠦᠭᠡᠢ᠂ ᠭᠠᠴᠠᠭᠠᠨ ᠤ ᠠᠷᠠᠳ ᠤᠨ ᠵᠥᠪᠯᠡᠯ ᠰᠠᠷ᠎ᠠ ᠪᠦᠷᠢ ᠲᠤᠰᠬᠠᠢ ᠬᠥᠮᠥᠨ ᠲᠣᠮᠢᠯᠠᠨ ᠲᠡᠭᠦᠨ ᠳᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠥᠨᠳᠥᠷ ᠨᠠᠰᠤᠨ ᠤ ᠭᠡᠷᠡᠴᠢᠯᠡᠯ ᠭᠢᠯᠭᠡᠵᠦ᠂ ᠮᠠᠨᠤᠰ ᠢ ᠨᠠᠭᠠᠰᠢ ᠴᠠᠭᠠᠰᠢ ᠭᠦᠶᠦᠯᠭᠡᠭᠰᠡᠨ ᠦᠭᠡᠢ᠂ ᠣᠲᠣ ᠤᠴᠢᠷ ᠶᠠᠪᠤᠳᠠᠯ ᠢ ᠰᠢᠢᠳᠪᠦᠷᠢᠯᠡᠬᠦ ᠳᠤ ᠦᠨᠡᠬᠡᠷ ᠲᠥᠭᠦᠮ ᠪᠣᠯᠵᠠᠢ︾ ᠭᠡᠵᠦ ᠰᠢᠨ᠎ᠡ ᠬᠤᠲᠠ ᠲᠣᠭᠤᠷᠢᠭ ᠤᠨ ᠵᠠᠯᠠᠨ ᠪᠠᠶᠢᠰᠢᠩ ᠲᠣᠰᠬᠤᠨ ᠤ ᠠᠷᠠᠳ ᠰᠡᠳᠬᠢᠯ ᠬᠠᠨᠤᠮᠵᠢᠲᠠᠶ ᠬᠡᠯᠡᠨ᠎ᠡ᠃      ᠭᠦᠭᠡᠬᠤᠲᠠ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠵᠡᠷᠭᠡ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠵᠢᠭᠦᠯᠦᠨ᠂ ᠵᠡᠭᠡᠯᠢ ᠭᠤᠳᠤᠮᠵᠢ ᠱᠠᠭᠠᠷᠳᠠᠯᠭ᠎ᠠ ᠲᠠᠢ ᠪᠣᠯ ᠡᠯ᠎ᠡ ᠰᠠᠯᠠᠭ᠎ᠠ ᠮᠥᠴᠢᠷ ᠬᠥᠳᠡᠯᠦᠯᠴᠡᠬᠦ ᠠᠷᠭ᠎ᠠ ᠶᠢ ᠳᠡᠯᠭᠡᠷᠡᠭᠦᠯᠪᠡ᠃ ᠡᠭᠦᠨ ᠤ ᠬᠠᠮᠲᠤ᠂ ᠭᠦᠭᠡᠬᠤᠲᠠ ᠡᠯ᠎ᠡ ᠲᠠᠯ᠎ᠠ ᠶᠢᠨ ᠵᠠᠰᠠᠯᠲᠠ ᠶᠢᠨ ᠭᠤᠣᠯ ᠴᠣᠭᠴᠠ ᠶᠢ ᠦᠨᠳᠦᠰᠦᠨ ᠱᠠᠲᠤᠨ ᠳᠤ ᠲᠥᠪᠯᠡᠷᠡᠭᠦᠯᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠰᠠᠭᠤᠭᠠᠯᠢ ᠠᠷᠠᠳ ᠤᠨ ᠲᠣᠭᠤᠷᠢᠭ ᠲᠤ ᠲᠥᠪᠯᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢ ᠦᠷᠭᠦᠯᠵᠢᠯᠡᠨ ᠥᠷᠭᠡᠳᠬᠡᠪᠡ᠃ ᠬᠤᠲᠠ᠂ ᠲᠣᠭᠤᠷᠢᠭ ᠬᠤᠶᠠᠷ ᠱᠠᠲᠤᠨ ᠤ 397 ᠰᠠᠯᠠᠭ᠎ᠠ ᠮᠥᠴᠢᠷ ᠬᠤᠲᠠ ᠶᠢᠨ ᠲᠣᠭᠤᠷᠢᠭ ᠤᠨ 341 ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠯᠴᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢ ᠵᠣᠬᠢᠴᠠᠭᠤᠯᠤᠨ ︽ᠣᠷᠣᠨ ᠬᠤᠲᠠ ᠬᠠᠮᠲᠤ ᠪᠠᠷ ᠪᠦᠲᠦᠭᠡᠨ ᠪᠠᠶᠢᠭᠤᠯᠬᠤ︾ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ 685 ᠨᠠᠮ ᠤᠨ ᠭᠡᠰᠢᠭᠦᠨ ᠤ ᠣᠷᠣᠯᠠᠨ ᠭᠦᠢᠴᠡᠳᠬᠡᠬᠦ ᠠᠩᠭᠢ ᠶᠢ ᠵᠣᠬᠢᠶᠠᠨ ᠪᠠᠶᠢᠭᠤᠯᠵᠤ᠂ 2178 ᠳᠤᠯᠠᠭᠠᠨ ᠦᠢᠯᠡᠴᠢᠯᠡᠭᠡ ᠬᠦᠷᠭᠡᠬᠦ ᠰᠠᠯᠪᠤᠷᠢ ᠪᠠᠭ᠎ᠠ ᠠᠩᠭᠢ ᠶᠢ ᠪᠤᠢ ᠪᠤᠯᠭᠠᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠠᠭᠤᠭᠠᠯᠢ ᠲᠣᠭᠤᠷᠢᠭ ᠲᠤ ᠣᠷᠣᠭᠤᠯᠬᠤ ᠠᠵᠢᠯᠯᠠᠭ᠎ᠠ ᠶᠢ 10557 ᠤᠳᠠᠭ᠎ᠠ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠪᠡ᠃      ᠡᠩᠨᠡᠭᠡ ᠶᠢᠨ ᠪᠠᠶᠢᠭᠤᠯᠤᠯᠲᠠ ᠶᠢ ᠬᠦᠴᠦᠷᠬᠡᠭᠵᠢᠭᠦᠯᠬᠦ ᠪᠠᠷ ᠭᠠᠷᠳᠠᠴᠠ ᠪᠤᠯᠭᠠᠵᠤ ᠰᠠᠭᠤᠷᠢ ᠲᠠᠯᠪᠢᠬᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ      ︽ᠨᠢᠳᠤᠨᠤᠨ ᠪᠦᠭᠦ ᠬᠤᠳᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠶᠡᠭᠡ ᠬᠤᠷᠠᠯ ᠬᠤᠷᠠᠯᠳᠤᠭᠰᠠᠨ ᠠᠴᠠ ᠨᠠᠭᠠᠰᠢ᠂ ᠮᠠᠨ ᠤ ᠠᠵᠢᠯ ᠤᠨ ᠬᠠᠯᠠᠭᠤᠨ ᠰᠡᠳᠬᠢᠯᠭᠡ ᠮᠠᠰᠢ ᠥᠨᠳᠥᠷᠵᠢᠵᠦ᠂ ᠨᠡᠶᠢᠭᠡᠮ ᠲᠣᠭᠤᠷᠢᠭ ᠪᠦᠷᠢ ᠳᠤ ᠪᠠᠰᠠ ᠥᠨᠳᠥᠷ ᠰᠤᠷᠤᠯᠭ᠎ᠠ ᠶᠢᠨ ᠨᠠᠮᠲᠠᠷ ᠲᠠᠢ ᠨᠢᠭᠡ ᠵᠠᠯᠠᠭᠤ ᠺᠠᠳ᠋ᠷ ᠢ ᠣᠷᠣᠭᠤᠯᠤᠨ ᠠᠪᠴᠢᠷᠠᠵᠤ᠂ ᠲᠤᠰᠬᠠᠶᠢᠯᠠᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠭᠢᠯᠭᠡᠵᠦ᠂ ᠨᠡᠶᠢᠭᠡᠮ ᠲᠣᠭᠤᠷᠢᠭ ᠤᠨ ᠠᠵᠢᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ︾ ᠭᠡᠵᠦ ᠢᠦᠢ ᠴᠢᠦᠸᠠᠨ ᠲᠣᠭᠤᠷᠢᠭ ᠤᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠦ᠋ ᠾᠧ ᠰᠢᠶᠠᠩ ᠰᠡᠳᠬᠢᠯ ᠳᠣᠭᠳᠣᠯᠤᠨ ᠬᠡᠯᠡᠨ᠎ᠡ᠃      ᠦᠨᠳᠦᠰᠦᠨ ᠱᠠᠲᠤᠨ ᠤ ᠬᠥᠭᠵᠢᠯᠲᠡ ᠶᠢ ᠲᠦᠷᠭᠡᠳᠬᠡᠬᠦ ᠳᠤ ᠪᠠᠲᠤᠯᠠᠭ᠎ᠠ ᠪᠣᠯ ᠵᠠᠩᠭᠢᠯᠠᠭ᠎ᠠ ᠪᠣᠯᠣᠨ᠎ᠠ᠃ ᠭᠦᠭᠡᠬᠤᠲᠠ 4 ᠵᠢᠯ ᠳᠠᠷᠠᠭᠠᠯᠠᠨ ᠵᠢᠯ ᠪᠦᠷᠢ 1000 ᠨᠡᠷᠡᠰ ᠣᠶᠤᠲᠠᠳ ᠤᠨ ᠨᠡᠶᠢᠭᠡᠮ ᠲᠣᠭᠤᠷᠢᠭ ᠤᠨ ᠠᠵᠢᠯᠲᠠᠨ ᠢ ᠰᠢᠯᠭᠠᠨ ᠡᠯᠰᠡᠵᠦ᠂ ᠰᠣᠩᠭᠤᠨ ᠲᠣᠮᠢᠯᠠᠬᠤ᠂ ᠢᠯᠡ ᠪᠠᠷ ᠰᠢᠯᠭᠠᠨ ᠡᠯᠰᠡᠬᠦ᠂ ᠲᠣᠭᠲᠠᠭᠠᠯ ᠶᠣᠰᠣᠭᠠᠷ ᠰᠢᠯᠵᠢᠭᠦᠯᠦᠨ ᠣᠷᠣᠭᠤᠯᠬᠤ ᠵᠡᠷᠭᠡ ᠠᠷᠭ᠎ᠠ ᠭᠡᠯᠪᠡᠷᠢ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠥᠮᠥᠰ ᠤᠨ ᠰᠢᠯᠵᠢᠯᠲᠡ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠨ ᠨᠥᠬᠦᠪᠦᠷᠢᠯᠡᠵᠦ᠂ ᠡᠩᠨᠡᠭᠡ ᠶᠢᠨ ᠬᠡᠪᠴᠢᠶ᠎ᠡ ᠶᠢᠨ ᠵᠦᠢ ᠵᠣᠬᠢᠰᠲᠠᠢ ᠪᠥᠭᠡᠳ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ 325 ᠠᠵᠢᠯ ᠦᠢᠯᠡᠰ ᠤᠨ ᠣᠷᠣᠨ ᠲᠤᠭ᠎ᠠ ᠶᠢ ᠳᠣᠷᠣᠭᠰᠢ ᠪᠠᠭᠤᠯᠭᠠᠵᠤ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠬᠦᠷᠢᠶᠡᠨ ᠳᠠᠬᠢ ᠲᠤᠰᠬᠠᠢ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠳᠤ ᠬᠡᠷᠡᠭᠯᠡᠪᠡ᠃ ᠲᠣᠣᠷᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ 4693 ᠨᠡᠷᠡᠰ ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ ᠢ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠲᠣᠬᠢᠷᠠᠭᠤᠯᠪᠠ᠃ ᠡᠭᠦᠨ ᠤ ᠬᠠᠮᠲᠤ ᠦᠨᠳᠦᠰᠦᠨ ᠱᠠᠲᠤᠨ ᠳᠠᠬᠢ ᠪᠡᠯᠡ ᠤᠷᠤᠭᠤᠯᠤᠯᠲᠠ ᠪᠠᠨ ᠨᠡᠮᠡᠭᠳᠡᠭᠦᠯᠵᠦ᠂ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤ ᠲᠡᠶᠢᠰᠢ ᠬᠡᠯᠪᠡᠶᠢᠯᠭᠡᠪᠡ᠃      ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ  ᠪᠠᠷ  ᠪᠠᠷᠢᠮᠵᠢᠶ᠎ᠠ ᠪᠤᠯᠭᠠᠵᠦ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠰᠢᠰᠲ᠋ᠧᠮ ᠢ ᠪᠠᠶᠢᠭᠤᠯᠪᠠ      ᠬᠤᠷᠢᠨᠭᠡᠷ ᠰᠢᠶᠠᠨ ᠤ ᠲᠠᠶᠢᠵᠢ ᠶᠢᠨ ᠠᠶᠢᠯ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠬᠦ ᠳᠤ᠂ ᠵᠠᠮ ᠬᠠᠷᠢᠯᠴᠠᠭᠠᠨ ᠤ ᠵᠢᠭᠠᠯᠲᠠ ᠳ᠋ᠧᠩ ᠢᠶᠠᠷ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ︽ᠤᠯᠠᠭᠠᠨ ᠨᠣᠭᠤᠭᠠᠨ ᠰᠢᠷ᠎ᠠ︾ ᠥᠩᠭᠡ ᠶᠢᠨ ᠲᠠᠩᠰᠠ ᠬᠠᠭᠤᠳᠠᠰᠤ ᠢᠯᠡ ᠲᠠᠢ ᠬᠠᠷᠠᠭᠳᠠᠨ᠎ᠠ᠃ ︽ᠨᠣᠭᠤᠭᠠᠨ ᠳ᠋ᠧᠩ︾ ᠤᠨ ᠲᠣᠳᠣᠷᠬᠠᠢ ᠬᠠᠭᠤᠳᠠᠰᠤᠨ ᠳᠡᠭᠡᠷ᠎ᠡ᠂ ᠬᠠᠮᠢᠶᠠᠷᠤᠯᠲᠠ᠂ ᠦᠢᠯᠡᠴᠢᠯᠡᠭᠡ᠂ ᠬᠢᠨᠠᠯᠲᠠ ᠵᠡᠷᠭᠡ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ 51  ᠵᠦᠢᠯᠡᠰ᠂ ︽ᠰᠢᠷ᠎ᠠ ᠳ᠋ᠧᠩ︾ ᠤᠨ ᠲᠣᠳᠣᠷᠬᠠᠢ ᠬᠠᠭᠤᠳᠠᠰᠤᠨ ᠳᠡᠭᠡᠷ᠎ᠡ᠂ ᠠᠵᠤ ᠠᠬᠤᠢ᠂ ᠨᠡᠶᠢᠭᠡᠮ᠂ ᠠᠮᠢ ᠠᠬᠤᠢ ᠵᠡᠷᠭᠡ ᠬᠠᠤᠯᠢ ᠶᠣᠰᠣᠭᠠᠷ ᠬᠠᠮᠵᠢᠯᠴᠠᠬᠤ 20 ᠵᠦᠢᠯᠡᠰ᠂ ︽ᠤᠯᠠᠭᠠᠨ ᠳ᠋ᠧᠩ︾ ᠤᠨ ᠲᠣᠳᠣᠷᠬᠠᠢ ᠬᠠᠭᠤᠳᠠᠰᠤᠨ ᠳᠡᠭᠡᠷ᠎ᠡ᠂ ᠭᠠᠴᠠᠭᠠᠨ ᠤ ᠱᠠᠲᠤᠨ ᠤ ᠵᠣᠬᠢᠶᠠᠨ ᠪᠠᠶᠢᠭᠤᠯᠤᠯᠲᠠ ᠠᠴᠠ ᠭᠠᠷᠭᠠᠵᠤ ᠥᠭᠬᠦ ᠶᠣᠰᠣ ᠦᠭᠡᠢ 20 ᠵᠦᠢᠯ ᠤᠨ ᠭᠡᠷᠡᠴᠢᠯᠡᠬᠦ ᠵᠦᠢᠯᠡᠰ ᠢ ᠨᠢᠭᠡᠳ ᠨᠢᠭᠡ ᠪᠠᠷ ᠢᠯᠭᠠᠷᠠᠭᠤᠯᠤᠨ ᠲᠣᠳᠣᠷᠬᠠᠶᠢᠯᠠᠪᠠ᠃      ᠡᠨᠡ ᠵᠢᠯ᠂ ᠭᠦᠭᠡᠬᠤᠲᠠ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽2024 ᠣᠨ ᠤ ᠬᠡᠯᠪᠡᠷᠢᠴᠢ ᠦᠵᠡᠯ ᠤᠨ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠲᠥᠰᠥᠯ︾ ᠪᠣᠯᠣᠨ ︽ᠦᠨᠳᠦᠰᠦᠨ ᠱᠠᠲᠤᠨ ᠤ ᠲᠣᠪᠣᠶᠢᠮ᠎ᠠ ᠠᠰᠠᠭᠤᠳᠠᠯ ᠢ ᠵᠠᠰᠠᠬᠤ ᠡᠭᠦᠷᠭᠡ ᠶᠢᠨ ᠪᠢᠴᠢᠭ︾ ᠢ ᠨᠡᠶᠢᠲᠡᠯᠡᠵᠦ᠂︽ᠲᠣᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ ᠫᠠᠶᠢᠰᠠ ᠲᠡᠮᠳᠡᠭ ᠤᠨ ᠵᠢᠯᠤᠭᠤᠳᠬᠤ ᠵᠢᠷᠤᠮᠵᠢᠯ︾ᠪᠣᠯᠣᠨ ᠵᠢᠯᠤᠭᠤᠳᠬᠤ ᠭᠠᠷᠴᠠᠭ ᠢ ᠲᠣᠭᠲᠠᠭᠠᠵᠤ᠂ ᠲᠣᠭᠲᠠᠴᠠ ᠶᠢᠨ ᠫᠠᠶᠢᠰᠠ ᠶᠢ ᠪᠦᠭᠦ ᠲᠠᠯ᠎ᠠ ᠪᠠᠷ ᠴᠡᠪᠡᠷᠯᠡᠨ ᠵᠢᠷᠤᠮᠵᠢᠭᠤᠯᠪᠠ᠃ ᠣᠳᠣᠬᠠᠨ ᠳᠤ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠢ ᠰᠢᠯᠢᠳᠡᠭᠵᠢᠭᠦᠯᠦᠨ ᠲᠣᠬᠢᠷᠠᠭᠤᠯᠬᠤ ᠲᠥᠰᠥᠯ ᠨᠢᠭᠡᠨᠲᠡ ᠵᠥᠪᠰᠢᠶᠡᠷᠡᠭᠳᠡᠵᠦ᠂ ᠪᠦᠭᠦ ᠬᠤᠲᠠ ᠶᠢᠨ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ 35 ᠪᠣᠯᠣᠨ ᠨᠡᠮᠡᠭᠳᠡᠪᠡ᠃ ᠨᠡᠶᠢᠭᠡᠮ ᠲᠣᠭᠤᠷᠢᠭ ᠤᠨ ᠲᠠᠯ᠎ᠠ ᠪᠠᠷ᠂ ᠤᠤᠯ ᠤᠨ 356 ᠨᠡᠶᠢᠭᠡᠮ ᠲᠣᠭᠤᠷᠢᠭ ᠢ 450 ᠪᠣᠯᠭᠠᠨ ᠲᠣᠬᠢᠷᠠᠭᠤᠯᠪᠠ᠃ ᠲᠣᠣᠷᠵᠢᠯ ᠤᠨ ᠲᠠᠯ᠎ᠠ ᠪᠠᠷ᠂ ᠤᠤᠯ ᠤᠨ 6608 ᠲᠣᠣᠷᠵᠢᠯ ᠢ 5880 ᠪᠣᠯᠭᠠᠨ ᠬᠤᠪᠢᠶᠠᠵᠤ᠂ ᠲᠤᠰᠬᠠᠢ ᠲᠤᠰᠢᠶᠠᠯᠲᠤ ᠲᠣᠣᠷᠵᠢᠯ ᠤᠨ ᠠᠵᠢᠯᠲᠠᠨ ᠲᠣᠬᠢᠷᠠᠭᠤᠯᠪᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ