ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠨᠢᠭᠡ ᠴᠣᠭᠴᠠᠵᠢᠯᠲᠠ ᠶᠢ ᠠᠬᠢᠭᠤᠯᠤᠶ᠎ᠠ‌ᠨᠠᠢᠮᠠᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ‌ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/12/9
      ︵ᠰᠤᠷᠪᠤᠯᠵᠢᠯᠠᠭᠴᠢ ᠠᠷᠢᠭᠤᠨ᠎ᠠ︶ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 12 ᠳ᠋ᠤᠭᠠᠷ ᠰᠠᠷ᠎ᠠ ᠶᠢᠨ 7 ᠤ ᠡᠳᠦᠷ᠂ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠨᠢᠭᠡ ᠴᠤᠭᠴᠠᠵᠢᠯᠳᠠ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠨᠠᠢᠮᠠᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠵᠤ᠂ ᠶᠡᠭᠡ ᠬᠤᠷᠠᠯ ᠠᠴᠠ ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠵᠠᠷᠴᠢᠮ ᠢ ᠪᠠᠷᠢᠮᠲᠠᠯᠠᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠦ ᠠᠵᠢᠯ ᠤᠨ ᠪᠠᠶᠢᠷᠢᠯᠠᠭᠤᠯᠤᠯᠲᠠ ᠬᠢᠵᠦ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠤᠷᠠᠯ ᠢ ᠡᠷᠬᠢᠯᠡᠵᠦ᠂ ᠪᠤᠭᠤᠲᠤ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠮᠧᠩ ᠴᠢᠩ ᠸᠧᠢ᠂ ᠤᠷᠳᠤᠰ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠸᠢ ᠶᠦᠨ ᠨᠠᠷ ᠬᠤᠷᠠᠯ ᠳᠤ ᠣᠷᠣᠯᠴᠠᠵᠠᠢ᠃      ᠬᠤᠸᠠᠩ ᡁᠢ ᠴᠢᠶᠠᠩ ᠬᠡᠯᠡᠬᠦ ᠳᠡᠭᠡᠨ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠠᠭᠤᠯᠠ ᠤᠰᠤ ᠪᠠᠷ ᠢᠶᠠᠨ ᠵᠠᠯᠭᠠᠯᠳᠤᠵᠤ᠂ ᠰᠣᠶᠣᠯ ᠢᠷᠭᠡᠨᠰᠢᠯ ᠢᠶᠠᠷ ᠢᠶᠠᠨ ᠬᠤᠯᠪᠣᠯᠳᠤᠵᠤ᠂ ᠠᠵᠤ ᠠᠬᠤᠶ ᠪᠠᠷ ᠢᠶᠠᠨ ᠠᠭᠤᠰᠤᠯᠴᠠᠵᠤ᠂ ᠠᠷᠠᠳ ᠤᠨ ᠰᠡᠳᠬᠢᠯ ᠨᠡᠪᠲᠡᠷᠡᠯᠴᠡᠵᠦ᠂ ᠪᠥᠬᠦ ᠣᠷᠣᠨ ᠤ 15.7% ᠶᠢᠨ ᠭᠠᠵᠠᠷ ᠰᠢᠷᠣᠶ ᠳᠡᠭᠡᠷ᠎ᠡ ᠪᠥᠬᠦ ᠣᠷᠣᠨ ᠤ 42.5% ᠶᠢᠨ ᠬᠥᠮᠦᠨ ᠠᠮᠠ ᠴᠤᠭᠯᠠᠷᠠᠵᠤ᠂ ᠪᠥᠬᠦ ᠣᠷᠣᠨ ᠤ 60.9% ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠤ ᠠᠭᠤᠰᠤᠯᠴᠠᠬᠤ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠪᠥᠬᠦ ᠲᠠᠯ᠎ᠠ ᠠᠴᠠ ᠲᠠᠨᠢᠨ ᠡᠵᠡᠮᠳᠡᠵᠦ᠂ ᠨᠢᠭᠡ ᠴᠣᠭᠴᠠᠵᠢᠭᠰᠠᠨ ᠬᠥᠭᠵᠢᠯᠲᠡ ᠶᠢ ᠬᠦᠴᠦᠯᠡᠨ ᠠᠬᠢᠭᠤᠯᠵᠤ ᠰᠢᠨ᠎ᠡ ᠳᠡᠭᠲᠡᠷ ᠲᠤ ᠭᠠᠷᠭᠠᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠥᠨᠳᠥᠷ ᠪᠦᠲᠦᠮᠵᠢᠲᠡᠶ ᠬᠠᠮᠵᠢᠯᠴᠠᠬᠤ᠂ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠵᠡᠷᠭᠡ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠷᠣᠨ ᠪᠦᠰᠡ ᠶᠢᠨ ᠣᠷᠣᠨ ᠪᠠᠶᠢᠷᠢ ᠰᠣᠯᠪᠢᠴᠠᠭᠤᠯᠤᠨ ᠬᠥᠭᠵᠢᠭᠦᠯᠬᠦ᠂ ᠵᠣᠬᠢᠴᠠᠩᠭᠤᠶ ᠬᠥᠭᠵᠢᠭᠦᠯᠬᠦ ᠶᠢ ᠪᠡᠶᠡᠯᠡᠭᠦᠯᠵᠦ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ᠂ ᠨᠥᠯᠥᠭᠡᠯᠡᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠥᠷᠭᠡᠳᠬᠡᠵᠦ᠂ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠵᠢᠭᠠᠪᠠ᠃      ᠬᠤᠷᠠᠯ ᠳᠡᠭᠡᠷ᠎ᠡ᠂ ᠳᠥᠷᠪᠡᠨ ᠬᠤᠲᠠ ᠶᠢᠨ ᠬᠤᠲᠠ ᠶᠢᠨ ᠳᠠᠷᠤᠭ᠎ᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠬᠠᠮᠲᠤ ᠪᠠᠷ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠥᠪ ᠢ ᠡᠬᠢᠯᠡᠭᠦᠯᠦᠭᠰᠡᠨ ᠪᠥᠭᠡᠳ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠡᠨᠧᠷᠭᠢ ᠪᠠᠷ ᠬᠠᠷᠢᠯᠴᠠᠨ ᠲᠡᠳᠬᠦᠬᠦ ᠵᠥᠪᠯᠡᠯᠴᠡᠭᠡᠷ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠥᠪᠯᠡᠯᠴᠡᠭᠡᠷ︾ ᠲᠤ ᠭᠠᠷ ᠤᠨ ᠥᠰᠥᠭ ᠵᠢᠷᠤᠪᠠ᠃ ᠳᠥᠷᠪᠡᠨ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠣᠯᠠᠨ ᠨᠡᠶᠢᠲᠡ ᠶᠢᠨ ᠠᠮᠤᠷ ᠲᠦᠪᠰᠢᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ 10 ᠵᠦᠢᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃      ᠬᠤᠷᠠᠯ ᠠᠴᠠ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠠᠵᠢᠯ ᠤᠨ ᠲᠣᠭᠲᠠᠴᠠ ᠶᠢᠨ ᠠᠵᠢᠯᠯᠠᠭᠠᠨ ᠤ ᠲᠦᠷᠢᠮ︾        ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠲᠥᠪ ᠤᠨ ᠲᠤᠰᠠᠭᠠᠷ ᠠᠵᠢᠯᠯᠠᠭᠠᠨ ᠤ ᠲᠥᠰᠦᠯ︾ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠳᠠᠷᠠᠭ᠎ᠠ ᠨᠢ ᠶᠠᠪᠤᠭᠳᠠᠭᠰᠠᠨ ᠳᠥᠷᠪᠡᠨ ᠬᠤᠲᠠ ᠶᠢᠨ ᠵᠡᠷᠭᠡᠴᠡᠭᠡ ᠬᠤᠷᠠᠯ ᠳᠡᠭᠡᠷ᠎ᠡ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠬᠤ᠂ ᠵᠡᠭᠦᠨᠭᠠᠷ ᠬᠤᠰᠢᠭᠤ ᠠᠴᠠ ᠬᠥᠬᠡᠬᠤᠲᠠ ᠶᠢᠨ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠬᠥᠷᠬᠦ ᠬᠤᠯᠪᠣᠬᠤ ᠱᠤᠭᠤᠮ ᠤᠨ ᠵᠠᠰᠠᠮᠠᠯ ᠵᠠᠮ ᠪᠠ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠢ ᠬᠠᠮᠲᠤᠪᠠᠷ ᠪᠠᠶᠢᠭᠤᠯᠬᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠳᠤ ᠨᠡᠶᠢᠳᠡᠮ ᠭᠦᠢᠴᠡᠳᠭᠡᠭᠦ ᠦᠢᠯᠡᠴᠢᠯᠡᠭᠡ ᠵᠡᠷᠭᠡ ᠬᠠᠮᠢᠶ᠎ᠠ ᠪᠥᠬᠦᠶ ᠵᠦᠢᠯᠡᠰ ᠢ ᠰᠤᠳᠤᠯᠪᠠ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ