ᠥᠪᠥᠷ ᠮᠣᠩᠭᠤᠯ ᠮᠦᠽᠧᠢ ᠬᠤᠷᠢᠶᠠᠨ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠷᠭᠦᠭᠡᠬᠦ ᠠᠵᠢᠯ ᠢ ᠯᠠᠪᠳᠠᠭᠤᠨ | ᠢᠶᠠᠷ ᠠᠬᠢᠭᠤᠯᠵᠤ᠂ ᠡᠨᠡ ᠵᠢᠯ 120 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠰᠡᠷᠭᠦᠭᠡᠵᠦ ᠬᠠᠮᠠᠭᠠᠯᠠᠨ᠂ ᠤᠳᠤ ᠦᠶ᠎ᠡ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠡᠪᠡᠷᠡᠭ ᠲᠡᠦᠬᠡ ᠶᠢᠨ ᠳᠤᠷᠠᠰᠬᠠᠯᠲᠤ ᠵᠦᠢᠯᠡᠰ ᠪᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ | ᠵᠦᠢᠯᠡᠰ ᠤᠨ 131 ᠵᠤᠷᠪᠤᠰ ᠮᠡᠳᠡᠭᠡ ᠵᠠᠩᠭᠢ ᠶᠢ ᠡᠮᠬᠢᠯᠡᠨ ᠬᠠᠮᠢᠶ᠎ᠠ ᠪᠦᠬᠦᠢ ᠰᠤᠳᠤᠯᠭᠠᠨ ᠳᠤ ᠬᠡᠷᠡᠭᠯᠡᠬᠦ ᠪᠠᠷ ᠨᠥᠭᠡᠴᠡᠯᠡᠵᠦ ᠠᠪᠤᠪᠠ᠃ | ᠥᠪᠥᠷ ᠮᠣᠩᠭᠤᠯ ᠮᠦᠽᠧᠢ ᠡᠨᠡ ᠵᠢᠯ ᠪᠠᠰᠠ ᠮᠦᠽᠧᠢ ᠳᠡᠭᠡᠨ ᠬᠠᠳᠠᠭᠠᠯᠠᠵᠤ ᠪᠠᠶᠢᠭ᠎ᠠ 300 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠢ | ᠦᠨᠡᠯᠡᠨ ᠵᠢᠱᠢᠵᠦ᠂ ︽ᠤᠷᠲᠤ ᠴᠠᠭᠠᠨ ᠬᠡᠷᠡᠮ ᠤᠨ ᠡᠮᠦᠨ᠎ᠡ ᠤᠮᠠᠷ᠎ᠠ ᠨᠤᠲᠤᠭ︾᠂ ︽ᠲᠣᠪᠠ ᠰᠢᠶᠡᠨᠪᠢ ᠶᠢᠨ ᠲᠤᠤᠯᠢᠰ ᠤᠨ ᠵᠠᠮ︾ ᠵᠡᠷᠭᠡ ᠭᠠᠳᠠᠭᠰᠢ ᠳᠡᠯᠭᠡᠨ | ᠦᠵᠡᠭᠦᠯᠭᠦ 10 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠦ ᠣᠷᠴᠢᠨ ᠲᠣᠭᠤᠷᠢᠨ ᠤ ᠱᠠᠭᠠᠷᠳᠠᠯᠭ᠎ᠠ ᠪᠠ ᠵᠥᠭᠡᠭᠡᠪᠦᠷᠢᠯᠡᠬᠦ ᠳᠤ | ᠠᠩᠬᠠᠷᠬᠤ ᠵᠦᠢᠯ ᠢ ᠲᠤᠰᠢᠶᠠᠵᠤ᠂ ᠭᠠᠳᠠᠭᠰᠢ ᠳᠡᠯᠭᠡᠨ ᠦᠵᠡᠭᠦᠯᠭᠦ ᠳᠤ ᠲᠣᠬᠢᠷᠠᠬᠤ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠢ ᠰᠣᠯᠢᠵᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ | ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ ᠵᠦᠢᠯ ᠢ ᠡᠷᠡᠮᠡᠯᠵᠡᠬᠦ᠂ ᠡᠷᠳᠡᠮ | ᠰᠢᠨᠵᠢᠯᠡᠭᠡᠨ ᠤ ᠬᠠᠮᠲᠤᠷᠠᠯᠴᠠᠭ᠎ᠠ ᠬᠢᠬᠦ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ | ᠥᠷᠨᠢᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠬᠠᠷᠢᠯᠴᠠᠨ ᠨᠥᠬᠦᠪᠦᠷᠢᠯᠡᠵᠡᠢ᠃ 11 ᠰᠠᠷ᠎ᠠ ᠳᠤ ᠨᠡᠬᠡᠮᠡᠯ ᠤᠨ ᠵᠦᠢᠯᠡᠰ ᠢ ᠵᠠᠰᠠᠨ | ᠰᠡᠷᠭᠦᠭᠡᠬᠦ ᠠᠵᠢᠯᠲᠠᠨ ᠢ ᠰᠣᠩᠭᠤᠨ ᠲᠣᠮᠢᠯᠠᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠨᠡᠬᠡᠮᠡᠯ | ᠤᠨ ᠵᠦᠢᠯᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠦᠨᠡᠯᠡᠨ ᠨᠤᠲᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠯ ᠳᠤ | ᠣᠷᠣᠯᠴᠠᠭᠤᠯᠵᠤ᠂ ᠴᠢᠳᠠᠪᠤᠷᠢᠲᠠᠨ ᠤ ᠬᠥᠮᠦᠵᠢᠯ ᠢ ᠴᠢᠩᠭᠠᠳᠬᠠᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠮᠦᠽᠧᠢ ᠡᠨᠡ ᠵᠢᠯ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ ᠴᠢᠩᠳᠠᠯᠠᠨ᠂ ᠬᠠᠮᠠᠭᠠᠯᠠᠨ | ᠰᠡᠷᠭᠦᠭᠡᠬᠦ ᠲᠥᠰᠥᠯ ᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠶᠢᠨ ᠮᠦᠽᠧᠢ᠂ ᠡᠷᠭᠢᠨ ᠲᠣᠭᠤᠷᠢᠨ ᠤ ᠡᠯ᠎ᠡ ᠮᠤᠵᠢ ᠬᠤᠲᠠ ᠣᠷᠣᠨ ᠤ ᠮᠦᠽᠧᠢ ᠯᠦᠭᠡ | ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ | ᠬᠠᠮᠠᠭᠠᠯᠠᠬᠤ ᠰᠢᠨᠵᠢᠯᠡᠭᠡ ᠰᠤᠳᠤᠯᠭᠠᠨ ᠤ ᠬᠦᠴᠦᠨ ᠢᠶᠠᠨ ᠲᠠᠰᠤᠷᠠᠯᠳᠠ ᠦᠭᠡᠢ ᠨᠡᠮᠡᠭᠳᠡᠭᠦᠯᠦᠭᠰᠡᠨ ᠢᠶᠠᠷ ᠬᠤᠷᠢᠶᠠᠨ ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ ᠢ | ᠬᠠᠮᠠᠭᠠᠯᠠᠨ ᠰᠡᠷᠭᠦᠭᠡᠬᠦ ᠲᠥᠷᠥᠯ ᠵᠦᠢᠯ ᠪᠠ ᠠᠷᠠᠰᠤ ᠪᠠᠷ ᠬᠢᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠨᠢ ︽ᠪᠦᠭᠦ | ᠤᠯᠤᠰ ᠤᠨ ᠮᠦᠽᠧᠢ ᠳᠤ ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ᠂ ᠨᠡᠬᠡᠮᠡᠯ ᠤᠨ ᠵᠦᠢᠯᠡᠰ᠂ ᠮᠣᠳᠣᠨ ᠬᠡᠷᠡᠭᠰᠡᠯ ᠢ ᠬᠠᠮᠠᠭᠠᠯᠠᠨ ᠰᠡᠷᠭᠦᠭᠡᠬᠦ ᠲᠥᠯᠥᠪᠯᠡᠭᠡ︾ ᠳᠤ | ᠰᠣᠩᠭᠤᠭᠳᠠᠵᠠᠢ᠃ | | | | | |