2024 ᠣᠨ ᠤ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯᠠᠬᠢ ᠬᠥᠬᠡᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠠᠵᠢᠯᠯᠠᠭᠠᠨ ᠤ ᠪᠠᠶᠢᠳᠠᠯ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/12/9
      1— 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ        17.0%  ᠪᠠᠷ ᠨᠡᠮᠡᠭᠳᠡᠵᠦ᠂ 1— 9 ᠳ᠋ᠦ᠋ᠭᠡᠷ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ᠪᠠᠭᠤᠷᠠᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ 5.6 ᠵᠠᠭᠤᠨ ᠤ ᠨᠢᠭᠡᠴᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠳᠥᠷᠪᠡᠳᠦᠭᠡᠷ ᠲᠤ ᠣᠷᠣᠪᠠ᠃      ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ        15.4 % ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢ 0.4 ᠵᠠᠭᠤᠨ ᠤ ᠬᠤᠪᠢ ᠳᠣᠷᠣᠭᠰᠢ ᠲᠠᠲᠠᠪᠠ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 12.8 % ᠪᠠᠷ ᠪᠠᠭᠤᠷᠠᠵᠤ᠂ ᠪᠥᠬᠦ ᠪᠠᠯᠠ ᠣᠷᠣᠭᠤᠯᠤᠯᠲᠠ ᠶᠢ 5.1 ᠵᠠᠭᠤᠨ ᠤ ᠬᠤᠪᠢ ᠳᠣᠷᠣᠭᠰᠢ ᠲᠠᠲᠠᠪᠠ︔ ᠭᠤᠷᠪᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 38.8 % ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ 22.4 ᠵᠠᠭᠤᠨ ᠤ ᠬᠤᠪᠢ ᠳᠠᠶᠢᠴᠢᠯᠠᠪᠠ᠃      ᠠᠵᠢᠯᠯᠠᠭᠠᠨ ᠤ ᠣᠨᠴᠠᠯᠢᠭ᠄      ᠨᠢᠭᠡ᠂ ᠶᠡᠭᠡ ᠲᠦᠷᠦᠯ ᠵᠦᠢᠯ ᠤᠨ ᠬᠦᠴᠦᠨ ᠭᠤᠤᠯᠯᠠᠬᠤ ᠪᠠᠶᠢᠷᠢ ᠰᠠᠭᠤᠷᠢ ᠪᠠᠨ ᠦᠷᠭᠦᠯᠵᠢᠯᠡᠨ ᠡᠵᠡᠯᠡᠵᠦ ᠪᠠᠶᠢᠨ᠎ᠠ      1— 10 ᠳ᠋ᠤᠭᠠᠷ ᠰᠠᠷ᠎ᠠ ᠳᠤ᠂ ᠪᠥᠬᠦ ᠬᠤᠲᠠ ᠶᠢᠨ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠠᠯᠠ ᠣᠷᠣᠭᠤᠯᠤᠯᠲᠠ ᠨᠢ ᠪᠥᠬᠦ ᠪᠠᠯᠠ ᠣᠷᠣᠭᠤᠯᠤᠯᠲᠠ ᠶᠢᠨ 56.6% ᠶᠢᠨ ᠬᠤᠪᠢ ᠶᠢᠨ ᠵᠢᠩ ᠢ ᠡᠵᠡᠯᠡᠵᠦ᠂ ᠭᠤᠤᠯᠳᠠᠭᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢᠶᠠᠷ ᠭᠤᠤᠯ ᠪᠣᠯᠭᠠᠨ᠂ ᠪᠡᠯᠡ ᠣᠷᠣᠭᠤᠯᠤᠯᠲᠠ‌ᠨᠢ ᠪᠥᠬᠦ ᠪᠠᠯᠠ ᠣᠷᠣᠭᠤᠯᠤᠯᠲᠠ ᠶᠢᠨ 43.2% ᠤᠨ ᠬᠤᠪᠢ ᠶᠢᠨ ᠵᠢᠩ ᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 5.9 ᠵᠠᠭᠤᠨ ᠤ ᠬᠤᠪᠢ ᠳᠠᠶᠢᠴᠢᠯᠠᠪᠠ᠃ ᠶᠡᠭᠡ ᠲᠥᠷᠥᠯ ᠵᠦᠢᠯ ᠮᠥᠨ ᠯᠡ ᠭᠤᠣᠯᠯᠠᠬᠤ ᠪᠠᠶᠢᠷᠢ ᠰᠠᠭᠤᠷᠢ ᠶᠢ ᠡᠵᠡᠯᠡᠵᠦ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠴᠢᠬᠤᠯᠠ ᠲᠤᠯᠭᠠᠭᠤᠷᠢᠯᠠᠬᠤ ᠬᠦᠴᠦᠨ ᠵᠦᠢᠯ ᠪᠣᠯᠤᠨ᠎ᠠ᠃      ᠬᠤᠶᠠᠷ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠠᠯᠬᠤᠮ ᠠᠯᠬᠤᠮ ᠢᠶᠠᠷ ᠴᠢᠩᠭᠠᠷᠠᠪᠠ      1— 10 ᠳ᠋ᠤᠭᠠᠷ ᠰᠠᠷ᠎ᠠ ᠳᠤ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠨᠢ ᠪᠦᠬᠦ ᠬᠤᠲᠠ ᠶᠢᠨ ᠪᠡᠯᠡ ᠣᠷᠣᠭᠤᠯᠤᠯᠲᠠ ᠶᠢᠨ             39.3% ᠶᠢᠨ ᠬᠤᠪᠢ ᠶᠢᠨ ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 4.2 ᠵᠠᠭᠤᠨ ᠤ ᠬᠤᠪᠢ ᠳᠠᠶᠢᠴᠢᠯᠠᠪᠠ᠃ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠪᠠ ᠭᠤᠷᠪᠠᠳᠤᠭᠠᠷ ᠤᠯᠠᠷᠢᠯ ᠤᠨ ᠬᠢ ᠠᠴᠠ 2.4 ᠪᠠ 1.2 ᠵᠠᠭᠤᠨ ᠤ ᠨᠢᠭᠡᠴᠢ ᠳᠡᠭᠡᠭᠰᠢᠯᠡᠵᠦ᠂ ᠳᠠᠶᠢᠴᠢᠯᠠᠬᠤ ᠬᠦᠴᠦᠨ ᠨᠢ ᠲᠣᠰ ᠲᠣᠰ ᠳᠡᠭᠡᠷ᠎ᠡ ᠬᠠᠭᠠᠰ ᠵᠢᠯ ᠪᠠ ᠭᠤᠷᠪᠠᠳᠤᠭᠠᠷ ᠤᠯᠠᠷᠢᠯ ᠤᠨ ᠬᠢ ᠠᠴᠠ 0.9 ᠪᠠ 0.5 ᠵᠠᠭᠤᠨ ᠤ ᠨᠢᠭᠡᠴᠢ ᠳᠡᠭᠡᠭᠰᠢᠯᠡᠪᠡ᠃ ᠠᠵᠢᠯ ᠲᠥᠷᠥᠯ ᠤᠨ ᠪᠦᠲᠦᠴᠡ ᠠᠴᠠ ᠠᠪᠴᠤ ᠦᠵᠡᠪᠡᠯ᠂ ᠴᠠᠬᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠶ ᠬᠡᠶ ᠪᠠ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠪᠠᠯᠠ ᠣᠷᠣᠭᠤᠯᠤᠯᠲᠠ ᠨᠢ ᠪᠥᠬᠦ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ        45.4% ᠶᠢᠨ ᠬᠤᠪᠢ ᠶᠢᠨ ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 20.1% ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢ 8.3 ᠵᠠᠭᠤᠨ ᠤ ᠬᠤᠪᠢ ᠳᠠᠶᠢᠴᠢᠯᠠᠵᠤ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠭᠤᠤᠯ ᠬᠦᠴᠦᠨ ᠵᠦᠢᠯ ᠪᠣᠯᠤᠨ᠎ᠠ᠃      ᠭᠤᠷᠪᠠ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠴᠢᠩᠭᠠᠷᠠᠪᠠ      1— 10 ᠳ᠋ᠤᠭᠠᠷ ᠰᠠᠷ᠎ᠠ ᠳᠤ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠨᠢ ᠪᠦᠬᠦ ᠪᠡᠯᠡ ᠣᠷᠣᠭᠤᠯᠤᠯᠲᠠ ᠶᠢᠨ 38.1% ᠶᠢᠨ ᠬᠤᠪᠢ ᠶᠢᠨ ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 30.2% ᠨᠡᠮᠡᠭᠳᠡᠵᠦ᠂ 1— 9 ᠳ᠋ᠦ᠋ᠭᠡᠷ ᠰᠠᠷ᠎ᠠ ᠶᠢᠨ ᠬᠢ ᠠᠴᠠ 0.5 ᠵᠠᠭᠤᠨ ᠤ ᠬᠤᠪᠢ ᠳᠡᠭᠡᠭᠰᠢᠯᠡᠵᠦ᠂ ᠡᠨᠡ ᠵᠢᠯ ᠠᠴᠠ ᠨᠠᠭᠠᠰᠢᠬᠢ ᠬᠠᠮᠤᠭ ᠤᠨ ᠥᠨᠳᠥᠷ ᠨᠡᠮᠡᠭᠳᠡᠯ ᠤᠨ ᠬᠤᠷᠳᠤᠴᠠ ᠪᠣᠯᠵᠤ᠂ ᠪᠦᠬᠦ ᠪᠡᠯᠡ ᠣᠷᠣᠭᠤᠯᠤᠯᠲᠠ ᠶᠢ 10.3 ᠵᠠᠭᠤᠨ ᠤ ᠬᠤᠪᠢ ᠳᠠᠶᠢᠴᠢᠯᠠᠪᠠ᠃ ᠲᠥᠷᠥᠯ ᠵᠦᠢᠯ ᠤᠨ ᠪᠦᠲᠦᠴᠡ ᠠᠴᠠ ᠠᠪᠴᠤ ᠦᠵᠡᠪᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠠᠷᠠᠳ ᠤᠨ ᠳᠤᠮᠳᠠᠬᠢ ᠪᠠᠯᠠ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠠᠷᠠᠳ ᠤᠨ ᠳᠤᠮᠳᠠᠬᠢ ᠪᠦᠬᠦ ᠪᠠᠯᠠ ᠣᠷᠣᠭᠤᠯᠤᠯᠲᠠ ᠶᠢᠨ 39.4% ᠶᠢ ᠡᠵᠡᠯᠡᠵᠦ᠂ ᠡᠵᠡᠯᠡᠬᠦ ᠬᠤᠪᠢ ᠶᠢᠨ ᠵᠢᠩ ᠨᠢ 1— 9 ᠳ᠋ᠦ᠋ᠭᠡᠷ ᠰᠠᠷ᠎ᠠ ᠶᠢᠨ ᠬᠢ ᠠᠴᠠ 1.4 ᠵᠠᠭᠤᠨ ᠤ ᠨᠢᠭᠡᠴᠢ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 38.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1— 9 ᠳ᠋ᠦ᠋ᠭᠡᠷ ᠰᠠᠷ᠎ᠠ ᠶᠢᠨ ᠬᠢ ᠠᠴᠠ 4.7 ᠵᠠᠭᠤᠨ ᠤ ᠨᠢᠭᠡᠴᠢ ᠳᠡᠭᠡᠭᠰᠢᠯᠡᠪᠡ᠃ ᠠᠵᠢᠯ ᠲᠥᠷᠥᠯ ᠤᠨ ᠪᠦᠲᠦᠴᠡ ᠠᠴᠠ ᠦᠵᠡᠪᠡᠯ᠂ ᠠᠷᠠᠳ ᠤᠨ ᠳᠤᠮᠳᠠᠬᠢ ᠦᠢᠯᠡᠳᠬᠦ ᠦᠢᠯᠡᠰ ᠤᠨ ᠨᠡᠮᠡᠭᠳᠡᠯ ᠤᠨ ᠬᠤᠷᠳᠤᠴᠠ ᠲᠣᠭᠲᠠᠭᠤᠨ ᠢᠶᠠᠷ ᠳᠡᠭᠡᠭᠰᠢᠯᠡᠵᠦ᠂ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠨ᠂ 1— 9 ᠳ᠋ᠦ᠋ᠭᠡᠷ ᠰᠠᠷ᠎ᠠ ᠶᠢᠨ ᠬᠢ ᠠᠴᠠ 9.4 ᠵᠠᠭᠤᠨ ᠤ ᠬᠤᠪᠢ ᠳᠡᠭᠡᠭᠰᠢᠯᠡᠪᠡ᠃      ᠳᠥᠷᠪᠡ᠂ ᠣᠳᠣ ᠦᠶ᠎ᠡ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠲᠣᠪᠤᠶᠢᠮ᠎ᠠ ᠪᠠᠶᠢᠨ᠎ᠠ      ᠡᠨᠡ ᠵᠢᠯ ᠠᠴᠠ ᠨᠠᠭᠠᠰᠢ ᠣᠳᠣ ᠦᠶ᠎ᠡ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠡᠷᠴᠢᠮᠲᠡᠶ ᠪᠠᠶᠢᠵᠤ᠂ ᠵᠢᠷᠭᠤᠭᠠᠨ ᠲᠤᠮᠦ ᠠᠵᠤ ᠦᠢᠯᠡᠰ ᠤᠨ ᠪᠥᠭᠡᠮᠨᠡᠷᠡᠯ ᠳᠠᠬᠢ ᠪᠡᠯᠡ ᠣᠷᠣᠭᠤᠯᠤᠯᠲᠠ ᠶᠢᠨ ᠬᠡᠮᠵᠢᠶᠡᠨ ᠤ ᠬᠥᠲᠥᠯᠥᠨ ᠳᠠᠭᠠᠭᠤᠯᠬᠤ ᠦᠢᠯᠡᠳᠦᠯ ᠢᠯᠡᠳᠲᠡ ᠪᠣᠯᠪᠠ᠃ 1— 10 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠣᠲᠣ ᠦᠶ᠎ᠡ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠠᠯᠠ ᠣᠷᠣᠭᠤᠯᠤᠯᠲᠠ ᠨᠢ ᠪᠥᠬᠦ ᠪᠠᠯᠠ ᠣᠷᠣᠭᠤᠯᠤᠯᠲᠠ ᠶᠢᠨ 9.6% ᠶᠢᠨ ᠬᠤᠪᠢ ᠵᠢᠨ‌ᠵᠢᠩ ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 1.3 ᠳᠠᠬᠢᠨ ᠨᠡᠮᠡᠭᠳᠡᠵᠦ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 6.4 ᠵᠠᠭᠤᠨ ᠤ ᠨᠢᠭᠡᠴᠢ ᠳᠠᠶᠢᠴᠢᠯᠠᠵᠤ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠪᠠ ᠭᠤᠷᠪᠠᠳᠤᠭᠠᠷ ᠤᠯᠠᠷᠢᠯ ᠤᠨ ᠬᠢ ᠠᠴᠠ ᠲᠣᠰ ᠲᠣᠰ  81.1 ᠪᠠ 0.7 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢ ᠳᠠᠶᠢᠴᠢᠯᠠᠬᠤ ᠬᠦᠴᠦᠨ ᠳᠡᠭᠡᠷ᠎ᠡ ᠬᠠᠭᠠᠰ ᠵᠢᠯ ᠪᠠ ᠭᠤᠷᠪᠠᠳᠤᠭᠠᠷ ᠤᠯᠠᠷᠢᠯ ᠤᠨ ᠬᠢ ᠠᠴᠠ ᠲᠣᠰ ᠲᠣᠰ 3.8 ᠪᠠ        0.3 ᠵᠠᠭᠤᠨ ᠤ ᠬᠤᠪᠢ ᠳᠡᠭᠡᠭᠰᠢᠯᠡᠪᠡ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ