︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠶᠦᠨ ᠵᠢᠶᠦ᠋ᠨ ᠵᠢᠶᠧ︶ 2023 ᠣᠨ ᠳᠤ᠂ ᠬᠥᠬᠡᠬᠤᠲᠠ ᠶᠢᠨ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠷᠤ᠋ ᠢ᠂ ᠰᠠᠭᠠᠯᠢᠴᠢᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠡᠯ᠎ᠡ ᠴᠣᠩᠬᠤ | ᠨᠡᠶᠢᠳᠡ 11359 ᠬᠤᠪᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ᠂ 11327 ᠬᠤᠪᠢ ᠶᠢ ᠨᠢ ᠭᠦᠢᠴᠡᠳᠬᠡᠵᠦ᠂ ᠭᠦᠢᠴᠡᠳᠬᠡᠭᠰᠡᠨ ᠨᠣᠷᠮ᠎ᠠ | 99.7% ᠬᠦᠷᠪᠡ᠃ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠠᠯ᠎ᠠ ᠪᠠᠷ᠂ 202 ᠵᠦᠢᠯ ᠢ ᠪᠠᠲᠤᠯᠠᠨ ᠬᠠᠪᠰᠤᠷᠤᠨ ᠭᠦᠢᠴᠡᠳᠬᠡᠵᠦ᠂ 15 | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠲᠠᠨ ᠢ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠬᠠᠩᠭᠠᠪᠠ︔ ᠦᠢᠯᠡᠴᠢᠯᠡᠭᠡᠨ ᠤ | ᠦᠷ᠎ᠡ ᠪᠦᠲᠦᠮᠵᠢ ᠶᠢᠨ ᠲᠠᠯ᠎ᠠ ᠪᠠᠷ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ︽ᠬᠠᠮᠤᠭ ᠣᠯᠠᠨ ᠳᠠᠭᠠᠨ ᠨᠢᠭᠡ ᠤᠳᠠᠭ᠎ᠠ ᠭᠦᠶᠦᠬᠦ︾ | ᠵᠦᠢᠯᠡᠰ ᠤᠨ ᠬᠠᠷᠢᠴᠠᠯ ᠨᠢ 99.53% ᠬᠦᠷᠴᠦ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ ᠨᠢ 99.53% ᠬᠦᠷᠴᠦ᠂ ᠠᠮᠠᠯᠠᠭᠰᠠᠨ | ᠭᠦᠢᠴᠡᠳᠬᠡᠬᠦ ᠴᠠᠭ ᠢ 85.45% ᠪᠠᠷ ᠪᠠᠭᠠᠰᠬᠠᠪᠠ᠂ ᠲᠤᠬᠠᠶᠢᠯᠠᠪᠠᠯ ᠭᠦᠢᠴᠡᠳᠬᠡᠬᠦ ᠵᠦᠢᠯᠡᠰ ᠤᠨ ᠬᠠᠷᠢᠴᠠᠯ ᠨᠢ 71.96% ᠪᠣᠯᠣᠨ᠎ᠠ᠃ 45368 | ᠤᠳᠠᠭ᠎ᠠ ᠰᠠᠶᠢᠨ ᠮᠠᠭᠤ ᠶᠢᠨ ᠦᠨᠡᠯᠡᠯᠲᠡ ᠬᠢᠵᠦ᠂ ᠠᠵᠤ ᠠᠬᠤᠶᠢᠯᠠᠯ ᠣᠯᠠᠨ ᠲᠦᠮᠡᠨ ᠤ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠠᠨᠤᠮᠵᠢᠲᠠᠶ ᠪᠠᠶᠢᠬᠤ ᠨᠣᠷᠮ᠎ᠠ 100% ᠬᠥᠷᠪᠡ᠃ | 2023 ᠣᠨ ᠳᠤ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ᠂ ᠵᠢᠷᠤᠮᠵᠢᠯ᠂ | ᠳᠥᠭᠦᠮᠴᠢᠯᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ | ᠬᠦᠷᠢᠶᠡᠯᠡᠩ ᠲᠣᠭᠤᠷᠢᠭ ᠲᠡᠶᠢᠰᠢ ᠦᠷᠭᠦᠯᠵᠢᠯᠡᠨ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾ | ᠪᠠᠶᠢᠭᠰᠠᠨ ᠠᠴᠠ ︽ᠭᠦᠢᠴᠡᠳᠬᠡᠬᠦ ᠳᠤ ᠠᠮᠠᠷ︾ ᠪᠣᠯᠭᠠᠨ ᠬᠤᠪᠢᠷᠠᠭᠤᠯᠵᠤ᠂ ᠤᠯᠤᠰ ᠤᠨ ᠲᠠᠰ ᠤᠨ ︽ᠠᠵᠤ ᠠᠬᠤᠢ︾ ᠥᠰᠥᠭ ᠤᠨ ᠫᠠᠶᠢᠰᠠ ᠶᠢ ᠤᠯᠠᠮ | ᠨᠢᠭᠡ ᠠᠯᠬᠤᠮ ᠭᠡᠷᠡᠯᠲᠦᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠯᠡᠳᠲᠡ ᠳᠡᠭᠡᠭᠰᠢᠯᠡᠭᠦᠯᠪᠡ᠃ ᠪᠥᠬᠦ ᠵᠢᠯ ᠳᠤ᠂ ᠬᠤᠲᠠ ᠶᠢᠨ ᠵᠠᠰᠠᠭ ᠤᠨ | ᠣᠷᠳᠣᠨ ᠠᠴᠠ ᠡᠷᠬᠡ ᠣᠯᠭᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ᠂ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠡᠷ᠎ᠡ᠂ ᠴᠠᠬᠢᠯᠭᠠᠨ ᠬᠦᠴᠦᠨ᠂ ᠦᠶᠡᠷ ᠢ ᠰᠡᠷᠭᠡᠶᠢᠯᠡᠬᠦ᠂ ᠤᠰᠤ ᠲᠠᠲᠠᠬᠤ ᠤᠰᠤ ᠵᠠᠯᠠᠬᠤ ᠵᠡᠷᠭᠡ ᠬᠦᠷᠢᠶ᠎ᠡ | ᠴᠠᠷᠠᠭ᠎ᠠ ᠳᠠᠬᠢ ᠬᠤᠲᠠ ᠰᠢᠶᠠᠨ ᠬᠤᠶᠠᠷ ᠱᠠᠲᠤᠨ ᠤ ᠬᠢᠨᠠᠨ ᠵᠥᠪᠰᠢᠶᠡᠷᠡᠬᠦ ᠡᠷᠬᠡ ᠮᠡᠳᠡᠯ 12 ᠵᠦᠢᠯ ᠢ ᠢᠳᠡᠪᠬᠢᠲᠡᠢ ᠴᠢᠷᠮᠠᠶᠢᠨ ᠣᠯᠵᠤ᠂ ᠠᠵᠤ ᠠᠬᠤᠶᠢᠯᠠᠯ ᠤᠨ | ᠠᠵᠢᠯ ᠶᠠᠪᠤᠳᠠᠯ ᠭᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ︽ᠬᠦᠷᠢᠶᠡᠯᠡᠩ ᠲᠣᠭᠤᠷᠢᠭ ᠤᠨ ᠠᠵᠢᠯ | ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ ᠠᠵᠢᠯ ᠶᠠᠪᠤᠳᠠᠯ ᠭᠦᠢᠴᠡᠳᠬᠡᠬᠦ ᠳᠤ ᠬᠦᠷᠢᠶᠡᠯᠡᠩ ᠲᠣᠭᠤᠷᠢᠭ ᠠᠴᠠ ᠭᠠᠷᠬᠤ ᠦᠭᠡᠢ︾ ᠬᠠᠷᠠᠯᠲᠠ ᠶᠢ | ᠠᠩᠬ᠎ᠠ ᠠᠯᠬᠤᠮ ᠪᠡᠶᠡᠯᠡᠭᠦᠯᠪᠡ᠃ | ᠡᠨᠡ ᠵᠢᠯ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠦᠷᠭᠦᠯᠵᠢᠯᠡᠨ ᠠᠷᠠᠳ ᠤᠨ | ᠲᠥᠯᠥᠭᠡ ᠪᠣᠳᠠᠲᠠᠢ ᠠᠵᠢᠯ ᠬᠢᠵᠦ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠠᠩ ᠴᠢᠨᠠᠷ | ᠰᠠᠶᠢᠲᠠᠢ ᠤᠷᠤᠭᠰᠢᠯᠠᠬᠤ ᠳᠤ ᠬᠦᠴᠦᠨ ᠨᠡᠮᠡᠷᠢᠯᠡᠨ᠎ᠡ᠃ |